ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ | ᠲᠦᠷᠦᠭᠦᠬᠡᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠲᠦᠷᠦᠭᠦᠦ | ᠤᠯᠠᠷᠢᠯ ᠳᠤ ᠪᠦᠭᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ ︵ᠮᠠᠯᠵᠢᠬᠤ ᠲᠠᠷᠢᠶᠠᠯᠠᠬᠤ ᠡᠷᠦᠭᠡ | ᠶᠢ ᠪᠠᠭᠲᠠᠭᠠᠬᠤ ᠦᠭᠡᠢ︶ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 31.5% ᠪᠠᠷ ᠨᠡᠮᠡᠭᠳᠡᠵᠦ᠂ 2022 | ᠣᠨ ᠤ ᠡᠬᠢᠨ ᠠᠴᠠ ᠨᠠᠭᠠᠰᠢ ᠬᠤᠶᠠᠷ ᠣᠷᠣᠨᠲᠤ ᠲᠤᠭ᠎ᠠ ᠪᠠᠷ ᠥᠨᠳᠥᠷ ᠬᠤᠷᠳᠤᠴᠠ ᠪᠠᠷ ᠨᠡᠮᠡᠭᠳᠡᠬᠦ ᠬᠠᠨᠳᠤᠰᠢ ᠪᠠᠨ | ᠦᠷᠭᠦᠯᠵᠢᠯᠡᠨ ᠪᠠᠲᠤᠯᠠᠪᠠ᠃ | ᠲᠦᠷᠦᠭᠦᠦ ᠤᠯᠠᠷᠢᠯ ᠳᠤ ᠪᠦᠭᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ ᠥᠨᠳᠥᠷ | ᠬᠤᠷᠳᠤᠴᠠ ᠪᠠᠷ ᠨᠡᠮᠡᠭᠳᠡᠭᠰᠡᠨ ᠤ ᠭᠤᠣᠯ ᠰᠢᠯᠲᠠᠭᠠᠨ ᠨᠢ ︽ᠳᠦᠷᠪᠡᠨ ᠡᠷᠴᠢᠮᠲᠡᠢ ᠲᠤᠯᠭᠠᠭᠤᠷᠢᠯᠠᠯ︾ ᠪᠠᠶᠢᠭᠰᠠᠨ ᠳᠤ | ᠪᠤᠢ᠃ ᠲᠦᠷᠦ ᠶᠢᠨ ᠪᠣᠳᠣᠯᠭ᠎ᠠ ᠶᠢᠨ ᠡᠷᠴᠢᠮᠲᠡᠢ ᠲᠤᠯᠭᠠᠭᠤᠷᠢᠯᠠᠯ ᠤᠨ ᠬᠤᠪᠢ ᠳᠤ᠂ ︽ᠥᠪᠥᠷ ᠮᠣᠩᠭᠤᠯ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠢ ᠨᠡᠶᠢᠲᠡᠯᠡᠭᠰᠡᠨ | ᠠᠴᠠ ᠨᠠᠭᠠᠰᠢ᠂ ᠣᠷᠣᠨ ᠳᠠᠶᠠᠭᠠᠷ ᠢᠶᠠᠨ ᠡᠨᠡ ᠬᠦ ᠴᠢᠬᠤᠯᠠ ᠶᠡᠭᠡ ᠲᠦᠷᠦ ᠶᠢᠨ ᠪᠣᠳᠣᠯᠭ᠎ᠠ ᠶᠢᠨ ᠠᠵᠠ ᠳᠤᠭᠢᠶᠠᠯ ᠢ | ᠴᠢᠩᠭ᠎ᠠ ᠠᠳᠬᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠷᠴᠢᠮᠲᠡᠢ ᠠᠬᠢᠭᠤᠯᠵᠠᠢ᠃ ᠡᠭᠦᠨ ᠤ ᠵᠡᠷᠭᠡ | ᠪᠠᠷ ᠤᠯᠤᠰ ᠤᠨ ᠡᠯ᠎ᠡ ᠶᠠᠮᠤᠨ ᠵᠥᠪᠯᠡᠯ ᠤᠨ ᠬᠢᠨ ᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠳᠤ ᠢᠵᠢ | ᠪᠦᠷᠢᠳᠦᠭᠦᠯᠦᠨ ᠭᠠᠷᠭᠠᠭᠰᠠᠨ ᠲᠦᠷᠦ ᠶᠢᠨ ᠪᠣᠳᠣᠯᠭ᠎ᠠ ᠨᠤᠭᠤᠳ ᠨᠢ ᠪᠠᠰᠠ ᠮᠠᠨ ᠤ ᠣᠷᠣᠨ ᠳᠠᠬᠢ ᠪᠡᠯᠡ | ᠤᠷᠤᠭᠤᠯᠤᠯᠳᠠ ᠪᠠ ᠪᠦᠲᠦᠭᠡᠨ ᠪᠠᠶᠢᠭᠤᠯᠤᠯᠲᠠ ᠳᠤ ᠲᠦᠷᠦ ᠶᠢᠨ ᠪᠣᠳᠣᠯᠭ᠎ᠠ᠂ ᠪᠡᠯᠡ ᠮᠥᠩᠭᠦ᠂ ᠲᠦᠷᠦᠯ ᠵᠦᠢᠯ᠂ | ᠮᠡᠷᠭᠡᠵᠢᠯ ᠵᠡᠷᠭᠡ ᠤᠯᠠᠨ ᠲᠠᠯ᠎ᠠ ᠶᠢᠨ ᠳᠡᠮᠵᠢᠯᠭᠡ ᠬᠠᠩᠭᠠᠪᠠ᠃ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠠᠴᠠ | ᠪᠠᠰᠠ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ 4.0 ᠬᠡᠪ ᠤᠨ ᠲᠥᠰᠥᠯ ᠢ ᠨᠡᠶᠢᠲᠡᠯᠡᠵᠦ᠂ | ᠠᠷᠠᠯᠵᠢᠶᠠᠴᠢᠨ ᠢ ᠲᠠᠶᠢᠪᠤᠩ ᠪᠠᠶᠢᠯᠭᠠᠬᠤ ᠠᠷᠠᠯᠵᠢᠶᠠᠴᠢᠨ ᠲᠠᠢ ᠳᠣᠲᠣᠨᠣ ᠪᠠᠷ ᠶᠠᠪᠤᠯᠴᠠᠬᠤ ᠠᠷᠠᠯᠵᠢᠶᠠᠴᠢᠨ ᠢ | ᠪᠠᠶᠠᠵᠢᠭᠤᠯᠬᠤ ᠣᠪᠣᠷ ᠢᠶᠠᠷ ᠠᠯᠢ ᠤᠯᠠᠨ ᠠᠷᠠᠯᠵᠢᠶᠠᠴᠢᠨ ᠢ ᠮᠠᠨ ᠤ ᠣᠷᠣᠨ ᠳᠤ ᠤᠷᠢᠵᠤ ᠠᠪᠴᠢᠷᠠᠨ ᠪᠡᠯᠡ | ᠣᠷᠣᠭᠤᠯᠤᠭᠰᠠᠨ ᠪᠠᠶᠢᠨ᠎ᠠ᠃ ᠴᠢᠬᠤᠯᠠ ᠶᠡᠭᠡ ᠲᠦᠷᠦᠯ ᠵᠦᠢᠯ ᠤᠨ ᠡᠷᠴᠢᠮᠲᠡᠢ ᠲᠤᠯᠭᠠᠭᠤᠷᠢᠯᠠᠯ ᠤᠨ ᠬᠤᠪᠢ ᠳᠤ᠂ | ᠲᠦᠷᠦᠭᠦᠦ ᠤᠯᠠᠷᠢᠯ ᠳᠤ ᠪᠦᠭᠦ ᠣᠷᠣᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠤᠷᠤᠭᠤᠯᠤᠯᠳᠠ | ᠪᠦᠬᠦᠢ 1250 ᠴᠢᠬᠤᠯᠠ ᠶᠡᠭᠡ ᠲᠦᠷᠦᠯ ᠵᠦᠢᠯ ᠤᠨ ᠪᠠᠷᠢᠯᠭ᠎ᠠ ᠶᠠᠪᠤᠭᠳᠠᠵᠤ᠂ ᠪᠡᠯᠡ ᠤᠷᠤᠭᠤᠯᠤᠯᠳᠠ ᠨᠢ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 37.7% ᠪᠠᠷ ᠨᠡᠮᠡᠭᠳᠡᠵᠡᠢ᠃ ᠰᠢᠨ᠎ᠡ ᠡᠨᠧᠷᠭᠢ ᠶᠢᠨ ᠠᠵᠤ | ᠦᠢᠯᠡᠰ ᠤᠨ ᠪᠡᠯᠡ ᠤᠷᠤᠭᠤᠯᠤᠯᠳᠠ ᠶᠢᠨ ᠡᠷᠴᠢᠮᠲᠡᠢ ᠲᠤᠯᠭᠠᠭᠤᠷᠢᠯᠠᠯ ᠤᠨ ᠬᠤᠪᠢ ᠳᠤ᠂ ᠲᠦᠷᠦᠭᠦᠦ ᠤᠯᠠᠷᠢᠯ ᠳᠤ | ᠪᠦᠭᠦ ᠣᠷᠣᠨ ᠤ ᠰᠢᠨ᠎ᠡ ᠡᠨᠧᠷᠭᠢ ᠶᠢᠨ ᠠᠵᠤ ᠦᠢᠯᠡᠰ ᠲᠠᠬᠢ ᠪᠡᠯᠡ ᠤᠷᠤᠭᠤᠯᠤᠯᠳᠠ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 22.7% ᠪᠠᠷ ᠨᠡᠮᠡᠭᠳᠡᠵᠦ᠂ ᠪᠦᠭᠦ ᠪᠡᠯᠡ ᠤᠷᠤᠭᠤᠯᠤᠯᠳᠠ ᠶᠢᠨ 27.1% ᠶᠢ | ᠡᠵᠡᠯᠡᠪᠡ᠃ ᠠᠵᠤ ᠦᠢᠯᠡᠳᠪᠦᠷᠢ ᠶᠢᠨ ᠪᠡᠯᠡ ᠤᠷᠤᠭᠤᠯᠤᠯᠳᠠ ᠶᠢᠨ ᠡᠷᠴᠢᠮᠲᠡᠢ ᠲᠤᠯᠭᠠᠭᠤᠷᠢᠯᠠᠯ ᠤᠨ ᠬᠤᠪᠢ ᠳᠤ᠂ | ᠲᠦᠷᠦᠭᠦᠦ ᠤᠯᠠᠷᠢᠯ ᠳᠤ ᠪᠦᠭᠦ ᠣᠷᠣᠨ ᠤ ᠠᠵᠤ ᠦᠢᠯᠡᠳᠪᠦᠷᠢ ᠳᠠᠬᠢ ᠪᠡᠯᠡ ᠤᠷᠤᠭᠤᠯᠤᠯᠳᠠ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 35.3% ᠪᠠᠷ ᠨᠡᠮᠡᠭᠳᠡᠵᠦ᠂ ᠪᠦᠭᠦ ᠪᠡᠯᠡ ᠤᠷᠤᠭᠤᠯᠤᠯᠳᠠ ᠶᠢᠨ 68.7% ᠶᠢ | ᠡᠵᠡᠯᠡᠪᠡ᠃ | | | |