ᠮᠠᠨ ᠤ ᠣᠷᠣᠨ ᠳᠤ 4 ᠵᠠᠬ᠎ᠠ ᠳᠡᠯᠭᠡᠭᠦᠷᠴᠢᠯᠡᠭᠰᠡᠨ ᠰᠢᠨ᠎ᠡ ᠡᠨᠧᠷᠭᠢ ᠶᠢᠨ ᠲᠦᠷᠦᠯ ᠵᠦᠢᠯ ᠨᠡᠮᠡᠭᠳᠡᠪᠡ
ᠨᠡᠶᠢᠲᠡᠯᠡᠭᠰᠡᠨ ᠴᠠᠭ᠄
2024/5/6
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠲᠤᠰ ᠲᠣᠪᠴᠢᠶ᠎ᠠ ᠶᠢᠨ ᠬᠢᠨ ᠣᠶᠢᠷ᠎ᠠ ᠶᠢᠨ ᠡᠳᠦᠷ  ᠶᠡᠷᠦᠩᠬᠡᠢ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠢ 102 ᠲᠦᠮᠡᠨ ᠺᠢᠯᠣᠸᠠᠲ ᠬᠦᠷᠬᠦ 4 ᠵᠠᠬ᠎ᠠ ᠳᠡᠯᠭᠡᠭᠦᠷᠴᠢᠯᠡᠭᠰᠡᠨ ᠰᠢᠨ᠎ᠡ ᠡᠨᠧᠷᠭᠢ ᠶᠢᠨ ᠲᠥᠷᠥᠯ ᠵᠦᠢᠯ ᠢ ᠬᠡᠷᠡᠭᠵᠢᠭᠦᠯᠬᠦ ᠶᠢ ᠵᠥᠪᠰᠢᠶᠡᠷᠡᠵᠡᠢ᠃      ᠡᠭᠦᠨ ᠳᠤ᠂ ᠤᠯᠠᠭᠠᠨᠴᠠᠪ ᠤᠨ ᠵᠦᠩ ᠶᠢᠨ ᠳ᠋ᠠᠶᠢᠲ᠋ᠠ ᠶᠢᠨ ᠪᠠᠭ᠎ᠠ ᠨᠡᠭᠦᠷᠡᠰᠦᠲᠥ᠋ᠷᠥᠭᠴᠢᠲᠦ ᠶᠢᠨ ᠪᠣᠳᠣᠯᠲᠠ  ᠶᠢᠨ ᠬᠦᠴᠦᠨ ᠤ ᠰᠠᠭᠤᠷᠢᠨ ᠤ ︽ᠡᠨᠧᠷᠭᠢ ᠲᠣᠣᠷ ᠳᠠᠭᠠᠭᠠᠴᠠ ᠨᠥᠭᠡᠴᠡ︾ ᠶᠢ ᠨᠢᠭᠡ ᠴᠣᠭᠴᠠᠵᠢᠭᠤᠯᠬᠤ ᠲᠥᠷᠥᠯ ᠵᠦᠢᠯ ᠠᠴᠠ 30 ᠲᠦᠮᠡᠨ ᠺᠢᠯᠣᠸᠠᠲ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ ᠵᠠᠬ᠎ᠠ ᠳᠡᠯᠭᠡᠭᠦᠷᠴᠢᠯᠡᠨ ᠲᠣᠣᠷ ᠲᠤ ᠨᠡᠶᠢᠯᠡᠭᠦᠯᠬᠦ ᠪᠠᠷ ᠲᠣᠬᠢᠷᠠᠭᠤᠯᠪᠠ᠂ ᠡᠭᠦᠨ ᠳᠤ ᠰᠠᠯᠬᠢᠨ ᠬᠦᠴᠦᠨ ᠤ ᠴᠠᠭᠢᠯᠭᠠᠨ ᠤ 20 ᠲᠦᠮᠡᠨ ᠺᠢᠯᠣᠸᠠᠲ᠂ ᠭᠡᠷᠡᠯᠴᠢ ᠴᠡᠨᠡᠭ ᠤᠨ 10 ᠲᠦᠮᠡᠨ ᠺᠢᠯᠣᠸᠠᠲ ᠪᠠᠭᠲᠠᠨ᠎ᠠ᠃ ᠰᠢᠯᠢ ᠶᠢᠨ ᠭᠤᠣᠯ ᠠᠶᠢᠮᠠᠭ ᠤᠨ ᠴᠧᠩ ᠵᠢᠶᠧ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠮᠢᠩᠭᠠᠲᠤ ᠠᠵᠤ ᠦᠢᠯᠡᠰ ᠤᠨ ᠬᠦᠷᠢᠶᠡᠯᠡᠩ ᠤᠨ ᠪᠣᠬᠢᠷᠳᠤᠯ ᠦᠭᠡᠢ ᠴᠠᠭᠢᠯᠭᠠᠨ ᠬᠠᠩᠭᠠᠬᠤ ᠲᠥᠷᠥᠯ ᠵᠦᠢᠯ ᠨᠢ 10 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ ᠵᠠᠬ᠎ᠠ ᠳᠡᠯᠭᠡᠭᠦᠷᠴᠢᠯᠡᠨ ᠲᠣᠣᠷ ᠲᠤ ᠨᠡᠶᠢᠯᠡᠭᠦᠯᠬᠦ ᠪᠠᠷ ᠲᠣᠬᠢᠷᠠᠭᠤᠯᠪᠠ᠂ ᠡᠨᠡ ᠨᠢ ᠪᠦᠭᠦᠨ  ᠢᠶᠠᠷ ᠢᠶᠠᠨ ᠰᠠᠯᠬᠢᠨ ᠬᠦᠴᠦᠨ ᠤ ᠴᠠᠭᠢᠯᠭᠠᠨ ᠭᠠᠷᠭᠠᠬᠤ ᠮᠠᠰᠢᠨ ᠴᠣᠭᠴᠠᠯᠠᠪᠤᠷᠢ ᠪᠣᠯᠣᠨ᠎ᠠ᠃ ᠰᠢᠯᠢ ᠶᠢᠨ ᠭᠤᠣᠯ ᠠᠶᠢᠮᠠᠭ ᠤᠨ ᠴᠧᠩ ᠵᠢᠶᠧ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠮᠢᠩᠭᠠᠲᠤ ᠠᠵᠤ ᠦᠢᠯᠡᠰ ᠤᠨ ᠬᠦᠷᠢᠶᠡᠯᠡᠩ ᠤᠨ ᠭᠧ ᠮᠧᠩ ᠨᠥᠸᠧ ᠶᠢᠨ ᠰᠢᠨ᠎ᠡ ᠡᠨᠧᠷᠭᠢ ᠶᠢᠨ ᠺᠤᠮᠫᠠᠨᠢ ᠶᠢᠨ ᠬᠦᠷᠢᠶᠡᠯᠡᠩ ᠲᠣᠭᠤᠷᠢᠭ ᠤᠨ ᠪᠣᠬᠢᠷᠳᠤᠯ ᠦᠭᠡᠢ ᠴᠠᠭᠢᠯᠭᠠᠨ ᠬᠠᠩᠭᠠᠬᠤ ᠲᠥᠷᠥᠯ ᠵᠦᠢᠯ ᠨᠢ 27 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ ᠵᠠᠬ᠎ᠠ ᠳᠡᠯᠭᠡᠭᠦᠷᠴᠢᠯᠡᠨ ᠲᠣᠣᠷ ᠲᠤ ᠨᠡᠶᠢᠯᠡᠭᠦᠯᠬᠦ ᠪᠠᠷ ᠲᠣᠬᠢᠷᠠᠭᠤᠯᠪᠠ᠂ ᠡᠨᠡ ᠨᠢ ᠪᠦᠭᠦᠨ  ᠢᠶᠠᠷ ᠢᠶᠠᠨ ᠰᠠᠯᠬᠢᠨ ᠬᠦᠴᠦᠨ ᠤ ᠴᠠᠭᠢᠯᠭᠠᠨ ᠭᠠᠷᠭᠠᠬᠤ ᠮᠠᠰᠢᠨ ᠴᠣᠭᠴᠠᠯᠠᠪᠤᠷᠢ ᠪᠣᠯᠣᠨ᠎ᠠ᠃ ᠮᠢᠩ ᠶᠠᠩ ᠪᠤᠭᠤᠲᠤ ᠬᠤᠲᠠ ᠶᠢᠨ ᠰᠢᠭᠤᠶᠢᠲᠤ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ 350WM ᠪᠣᠬᠢᠷᠳᠤᠯ ᠦᠭᠡᠢ ᠴᠠᠭᠢᠯᠭᠠᠨ ᠬᠠᠩᠭᠠᠬᠤ ᠲᠥᠷᠥᠯ ᠵᠦᠢᠯ ᠨᠢ 35 ᠲᠦᠮᠡᠨ ᠺᠢᠯᠣᠸᠠᠲ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ ᠵᠠᠬ᠎ᠠ ᠳᠡᠯᠭᠡᠭᠦᠷᠴᠢᠯᠡᠨ ᠲᠣᠣᠷ ᠲᠤ ᠨᠡᠶᠢᠯᠡᠭᠦᠯᠬᠦ ᠪᠠᠷ ᠲᠣᠬᠢᠷᠠᠭᠤᠯᠪᠠ᠂ ᠡᠭᠦᠨ ᠳᠤ ᠰᠠᠯᠬᠢᠨ ᠬᠦᠴᠦᠨ ᠤ ᠴᠠᠭᠢᠯᠭᠠᠨ ᠤ 15 ᠲᠦᠮᠡᠨ ᠺᠢᠯᠣᠸᠠᠲ᠂ ᠭᠡᠷᠡᠯᠴᠢ ᠴᠡᠨᠡᠭ ᠤᠨ 20 ᠲᠦᠮᠡᠨ ᠺᠢᠯᠣᠸᠠᠲ ᠪᠠᠭᠲᠠᠨ᠎ᠠ᠃      ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠨᠡᠭᠡᠭᠡᠨ ᠬᠥᠭᠵᠢᠭᠦᠯᠬᠦ ᠪᠠ ᠥᠨᠳᠥᠷ ᠬᠠᠷᠢᠴᠠᠯ ᠢᠶᠠᠷ ᠬᠡᠷᠡᠭᠯᠡᠬᠦ ᠶᠢ ᠠᠬᠢᠭᠤᠯᠬᠤ ᠶᠢᠨ ᠲᠥᠯᠥᠭᠡ᠂ ᠮᠠᠨ ᠤ ᠣᠷᠣᠨ ᠪᠦᠭᠦ ᠤᠯᠤᠰ ᠲᠤ ᠲᠦᠷᠦᠭᠦᠯᠡᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠳᠤᠯ ᠦᠭᠡᠢ ᠴᠠᠭᠢᠯᠭᠠᠨ ᠬᠠᠩᠭᠠᠬᠤ ᠵᠡᠷᠭᠡ 6 ᠲᠦᠷᠦᠯ ᠤᠨ ᠰᠢᠨ᠎ᠡ ᠡᠨᠧᠷᠭᠢ ᠶᠢ ᠵᠠᠬ᠎ᠠ ᠳᠡᠯᠭᠡᠭᠦᠷᠴᠢᠯᠡᠨ ᠰᠢᠩᠭᠡᠭᠡᠬᠦ ᠵᠠᠭᠪᠤᠷ ᠢ ᠰᠢᠨ᠎ᠡ ᠪᠠᠷ ᠡᠭᠦᠳᠴᠦ᠂ ᠰᠢᠨ᠎ᠡ ᠪᠠᠷ ᠨᠡᠮᠡᠭᠳᠡᠭᠰᠡᠨ ᠴᠠᠭᠢᠯᠭᠠᠨ ᠬᠦᠴᠦᠨ ᠤ ᠳᠠᠭᠠᠭᠠᠴᠠ ᠳᠤ ᠵᠣᠬᠢᠬᠤ ᠬᠡᠪᠴᠢᠶᠡᠨ ᠤ ᠰᠢᠨ᠎ᠡ ᠡᠨᠧᠷᠭᠢ ᠶᠢ ᠲᠣᠬᠢᠷᠠᠭᠤᠯᠵᠤ᠂ ᠰᠢᠨ᠎ᠡ ᠡᠨᠧᠷᠭᠢ ᠶᠢᠨ ᠴᠠᠭᠢᠯᠭᠠᠨ ᠬᠦᠴᠦᠨ ᠤ ᠦᠪᠡᠰᠤᠪᠠᠨ ᠭᠠᠷᠭᠠᠵᠤ ᠦᠪᠡᠰᠤᠪᠠᠨ ᠬᠡᠷᠡᠭᠯᠡᠬᠦ ᠪᠠ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ᠂ ᠡᠨᠧᠷᠭᠢ ᠬᠡᠷᠡᠭᠯᠡᠬᠦ ᠥᠪᠡᠷ ᠤᠨ ᠦᠷᠳᠡᠭ ᠢ ᠪᠠᠭᠤᠷᠠᠭᠤᠯᠬᠤ ᠶᠢ ᠪᠡᠶᠡᠯᠡᠭᠦᠯᠵᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号