ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 11 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/7
     5 ᠰᠠᠷ᠎ᠠ ᠶᠢᠨ 6 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 11 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠪᠡ᠃ ᠦᠴᠦᠸᠠᠨ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠪᠲ᠋ᠡᠩᠴᠡᠭᠦᠷᠢᠲᠡᠢ ᠬᠥᠭᠵᠢᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠢ ᠰᠣᠨᠣᠰᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠣᠯᠣᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠂ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠦᠷᠢᠶᠡᠨ ᠳᠠᠬᠢ ᠢᠯᠵᠠᠷᠠᠮᠠᠯ ᠦᠶᠯᠡ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠪᠠᠶᠢᠩᠭᠤᠵᠢᠭᠤᠯᠤᠭᠰᠠᠨ ᠦᠨᠡᠯᠡᠨ ᠵᠢᠱᠢᠬᠦ ᠲᠣᠭᠲᠠᠴᠠ ᠪᠠ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠲᠤᠰᠢᠶᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠢᠯᠡ᠂ ᠡᠷᠬᠡ ᠲᠡᠭᠰᠢ᠂ ᠲᠥᠪ ᠭᠤᠥᠯᠴᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠢᠷᠮᠠᠶᠢᠨ ᠪᠣᠶ ᠪᠣᠯᠭᠠᠵᠤ᠂ ᠡᠯ᠎ᠡ ᠪᠦᠷᠢᠯᠳᠦᠭᠦᠨ ᠨᠢᠭᠡᠴᠢ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠰᠢᠮᠳᠠᠭᠤᠯᠤᠨ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠵᠤ᠂ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠤᠨ ︽ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠬᠦ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠡᠭᠦᠳᠦᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ᠪᠦᠬᠦ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠲᠠᠬᠢᠨ ᠳᠡᠭᠡᠭᠰᠢᠯᠡᠭᠦᠯᠬᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠡᠩ ᠲᠡᠩᠴᠡᠭᠦᠷᠢᠲᠡᠢ ᠪᠣᠯᠭᠠᠬᠤ ᠶᠢ ᠴᠢᠷᠮᠠᠶᠢᠨ ᠠᠬᠢᠭᠤᠯᠵᠤ᠂ ᠦᠴᠦᠸᠠᠨ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠪᠠ᠃ ︵ᠰᠤᠷᠪᠤᠯᠵᠢᠯᠠᠭᠴᠢ᠄ ᠯᠢᠦ ᠪᠠᠢ ᠢᠦᠢ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号