ᠰᠤᠷᠪᠤᠯᠵᠢᠯᠠᠬᠴᠢ ᠭᠦᠭᠡᠬᠤᠳᠡ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ | ᠵᠢᠯ ᠭᠦᠭᠡᠬᠤᠳᠡ ᠬᠡᠷᠡᠭᠯᠡᠭᠡ ᠶᠢ ᠠᠬᠢᠭᠤᠯᠬᠤ ᠬᠤᠶᠠᠳᠤᠭᠠᠷ ᠪᠦᠯᠦᠭ ᠤᠨ 800 ᠲᠦᠮᠡᠨ ᠲᠥᠭᠦᠷᠢᠭ ᠤᠨ ᠬᠡᠷᠡᠭᠯᠡᠭᠡ | ᠶᠢᠨ ᠲᠡᠮᠳᠡᠭᠲᠦ ᠲᠠᠷᠬᠠᠭᠠᠪᠠ᠃ | ᠲᠣᠰ ᠤᠳᠠᠭᠠᠨ ᠤ ᠵᠠᠰᠠᠭ ᠤᠨ ᠣᠷᠳᠣᠨ ᠤ ᠪᠡᠯᠡ ᠤᠷᠤᠭᠤᠯᠤᠯᠳᠡ ᠲᠠᠢ ᠬᠡᠷᠡᠭᠯᠡᠭᠡ ᠶᠢ ᠠᠬᠢᠭᠤᠯᠬᠤ ᠲᠤᠰᠬᠠᠢ | ᠪᠡᠯᠡ ᠮᠥᠩᠭᠦ ᠪᠣᠯ ︽ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠬᠡᠷᠡᠭᠯᠡᠭᠡ ᠶᠢᠨ ᠲᠡᠮᠳᠡᠭᠲᠦ︾ ᠶᠢᠨ | ᠭᠡᠯᠪᠡᠷᠢ ᠪᠠᠷ ᠲᠠᠷᠬᠠᠭᠠᠭᠰᠠᠨ ᠲᠤᠰᠬᠠᠢ ᠬᠡᠷᠡᠭᠯᠡᠭᠡ ᠶᠢᠨ ᠲᠡᠮᠳᠡᠭᠲᠦ ᠪᠣᠯᠣᠨ᠎ᠠ᠂ ᠬᠡᠷᠡᠭᠯᠡᠭᠡ ᠶᠢᠨ ᠲᠡᠮᠳᠡᠭᠲᠦ ᠶᠢ ᠮᠠᠰᠢᠨ | ᠲᠡᠷᠭᠡ ᠬᠤᠳᠠᠯᠳᠤᠨ ᠠᠪᠬᠤ ᠪᠠ ᠢᠳᠡᠭᠡᠨ ᠤᠮᠳᠠᠭᠠᠨ ᠤ ᠬᠡᠷᠡᠭᠯᠡᠭᠡ ᠬᠢᠬᠦ ᠳᠤ ᠬᠡᠷᠡᠭᠯᠡᠨ᠎ᠡ᠃ ᠡᠭᠦᠨ ᠳᠤ᠂ ︽ᠮᠠᠰᠢᠨ | ᠲᠡᠷᠭᠡ ᠬᠤᠳᠠᠯᠳᠤᠨ ᠠᠪᠬᠤ ᠬᠡᠷᠡᠭᠯᠡᠭᠡ ᠶᠢᠨ ᠲᠡᠮᠳᠡᠭᠲᠦ︾ ᠶᠢ 500 ᠲᠦᠮᠡᠨ ᠲᠥᠭᠦᠷᠢᠭ ᠲᠠᠷᠬᠠᠭᠠᠵᠤ᠂ 4 | ᠰᠠᠷ᠎ᠠ ᠶᠢᠨ 25 ᠠᠴᠠ 5 ᠰᠠᠷ᠎ᠠ ᠶᠢᠨ 20 ᠤ ᠡᠳᠦᠷ ᠪᠤᠯᠲᠠᠯᠠᠭᠢ ᠬᠤᠭᠤᠴᠠᠭᠠᠨ ᠳᠤ᠂ ᠭᠦᠭᠡᠬᠤᠳᠡ ᠳᠤ | ᠠᠵᠢᠯᠯᠠᠭ᠎ᠠ ᠳᠤ ᠣᠷᠣᠯᠴᠠᠬᠰᠠᠨ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ ᠤᠯᠤᠰ ᠤᠨ ᠵᠢᠷᠭᠤᠳᠤᠭᠠᠷ | ᠪᠠᠷᠢᠮᠵᠢᠶ᠎ᠠ ᠵᠢᠴᠢ ᠲᠡᠭᠦᠨ ᠠᠴᠠ ᠳᠡᠭᠡᠭᠰᠢᠬᠢ ᠰᠢᠲᠠᠭᠠᠯᠭ᠎ᠠ ᠶᠢᠨ ᠲᠣᠰᠣ ᠪᠠ ᠰᠢᠨ᠎ᠡ ᠡᠨᠧᠷᠭᠢ ᠶᠢᠨ ᠮᠠᠰᠢᠨ ᠲᠡᠷᠭᠡ | ︵ᠡᠵᠡᠩᠨᠡᠯᠲᠡ ᠶᠢᠨ ᠲᠡᠷᠭᠡ ᠪᠠ ᠭᠠᠷ ᠳᠠᠮᠵᠢᠭᠰᠠᠨ ᠮᠠᠰᠢᠨ ᠲᠡᠷᠭᠡ ᠪᠠᠭᠲᠠᠬᠤ ᠦᠭᠡᠢ︶ ᠬᠤᠳᠠᠯᠳᠤᠨ ᠠᠪᠤᠭᠰᠠᠨ | ᠬᠡᠷᠡᠭᠯᠡᠭᠴᠢ ᠳᠤ ᠨᠥᠬᠦᠪᠦᠷᠢ ᠤᠯᠭᠤᠨ᠎ᠡ᠃ ︽ᠢᠳᠡᠭᠡᠨ ᠤᠮᠳᠠᠭᠠᠨ ᠤ ᠬᠡᠷᠡᠭᠯᠡᠭᠡ ᠶᠢᠨ ᠲᠡᠮᠳᠡᠭᠲᠦ︾ ᠶᠢ 300 | ᠲᠦᠮᠡᠨ ᠲᠥᠭᠦᠷᠢᠭ ᠲᠠᠷᠬᠠᠭᠠᠵᠤ᠂ 4 ᠰᠠᠷ᠎ᠠ ᠶᠢᠨ 20 ᠠᠴᠠ 5 ᠰᠠᠷ᠎ᠠ ᠶᠢᠨ 20 ᠤ ᠡᠳᠦᠷ ᠪᠤᠯᠲᠠᠯ᠎ᠠ᠂ | ᠬᠡᠷᠡᠭᠯᠡᠭᠴᠢᠳ ︽ᠬᠡᠷᠡᠭᠯᠡᠭᠡ ᠶᠢᠨ ᠲᠡᠮᠳᠡᠭᠲᠦ︾ ᠪᠠᠷ ᠬᠢᠮᠳᠠᠷᠠᠭᠤᠯᠬᠤ ᠭᠡᠯᠪᠡᠷᠢ ᠪᠠᠷ ᠬᠡᠷᠡᠭᠯᠡᠨ᠎ᠡ᠃ | ︽ᠮᠠᠰᠢᠨ ᠲᠡᠷᠭᠡ ᠬᠤᠳᠠᠯᠳᠤᠨ ᠠᠪᠬᠤ ᠬᠡᠷᠡᠭᠯᠡᠭᠡ ᠶᠢᠨ ᠲᠡᠮᠳᠡᠭᠲᠦ︾ ᠶᠢ ︽ᠶᠦᠨ ᠱᠠᠨ ᠹᠦ᠋︾ | APP ᠶᠢᠨ ︽ᠭᠦᠭᠡᠬᠤᠲᠠ ᠶᠢᠨ ᠮᠠᠰᠢᠨ ᠲᠡᠷᠭᠡ ᠬᠤᠳᠠᠯᠳᠤᠨ ᠠᠪᠬᠤ ᠨᠥᠬᠦᠪᠦᠷᠢ︾ ᠶᠢᠨ ᠲᠤᠰᠬᠠᠢ ᠪᠤᠯᠤᠩ ᠢᠶᠠᠷ | ᠠᠪᠴᠤ᠂ ︽ᠢᠳᠡᠭᠡᠨ ᠤᠮᠳᠠᠭᠠᠨ ᠤ ᠬᠡᠷᠡᠭᠯᠡᠭᠡ ᠶᠢᠨ ᠲᠡᠮᠳᠡᠭᠲᠦ︾ ᠶᠢ ᠮᠸᠢ ᠲᠤᠸᠠᠨ APP ᠪᠣᠯᠣᠨ ᠭᠦᠭᠡᠬᠤᠳᠡ | ᠶᠢᠨ ᠬᠠᠮ ᠵᠠᠭᠤᠴᠢᠯᠠᠭᠤᠷ ᠤᠨ APP ᠪᠠᠷ ᠠᠪᠴᠤ ᠪᠣᠯᠣᠨ᠎ᠠ᠃ | | | |