ᠮᠠᠨ ᠤ ᠣᠷᠣᠨ ᠮᠡᠳᠡᠯᠭᠡ ᠶᠢᠨ ᠦᠮᠴᠢᠯᠡᠯ ᠤᠨ ᠡᠷᠬᠡ ᠪᠠᠷ ᠲᠦᠷᠦᠯ ᠲᠡᠮᠳᠡᠭ ᠤᠨ ᠪᠠᠶᠢᠭᠤᠯᠤᠯᠲᠠ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2024/5/7
     ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠣᠷᠣᠨ ᠲᠠᠸᠠᠷ ᠤᠨ ᠲᠡᠮᠳᠡᠭ ᠤᠨ ᠲᠥᠷᠥᠯ ᠲᠡᠮᠳᠡᠭ ᠤᠨ ᠵᠢᠯᠤᠭᠤᠳᠬᠤ ᠥᠷᠲᠡᠭᠡ ᠪᠠ ᠭᠠᠵᠠᠷ ᠵᠦᠢ ᠶᠢᠨ ᠢᠯᠡᠷᠬᠡᠶᠢᠯᠡᠯᠲᠦ ᠲᠡᠮᠳᠡᠭ ᠤᠨ ᠠᠵᠢᠯ ᠤᠨ ᠥᠷᠲᠡᠭᠡ ᠶᠢ 10 ᠪᠠᠶᠢᠷᠢᠯᠠᠭᠤᠯᠤᠨ ᠪᠠᠶᠢᠭᠤᠯᠵᠤ᠂ 5000 ᠭᠠᠷᠤᠢ ᠠᠵᠤ ᠠᠬᠤᠶᠢᠯᠠᠯ ᠳᠤ ᠦᠢᠯᠡᠴᠢᠯᠡᠪᠡ᠃      ᠮᠠᠨ ᠤ ᠣᠷᠣᠨ ᠲᠠᠸᠠᠷ ᠤᠨ ᠲᠡᠮᠳᠡᠭ ᠤᠨ ᠲᠦᠷᠦᠯ ᠲᠡᠮᠳᠡᠭ ᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ︽ᠲᠡᠭᠷᠢ ᠶᠢᠨ ᠬᠡᠰᠢᠭᠲᠦ ᠪᠣᠷᠣᠳᠣᠬᠤᠢ︾᠂ ︽ᠰᠢᠯᠢ ᠶᠢᠨ ᠭᠤᠣᠯ ᠤᠨ ᠬᠤᠨᠢᠨ ᠮᠢᠬ᠎ᠠ︾᠂ ︽ᠤᠯᠠᠭᠠᠨᠴᠠᠪ ᠤᠨ ᠦᠨᠦᠷ ᠠᠮᠲᠠ︾ ᠵᠡᠷᠭᠡ ᠨᠢᠭᠡ ᠪᠦᠯᠦᠭ ᠨᠥᠯᠥᠭᠡᠯᠡᠬᠦ ᠬᠦᠴᠦᠨ ᠲᠠᠢ ᠣᠷᠣᠨ ᠪᠦᠰᠡ ᠶᠢᠨ ᠲᠦᠷᠦᠯ ᠲᠡᠮᠳᠡᠭ ᠢ ᠪᠤᠶ ᠪᠤᠯᠭᠠᠵᠤ᠂ ᠡᠷᠳᠡᠨᠢ ᠢᠳᠡᠭᠡᠨ ᠤᠮᠳᠠᠭᠠᠨ ᠤ ᠬᠢᠵᠠᠭᠠᠷᠲᠤ ᠺᠤᠮᠫᠠᠨᠢ ᠵᠡᠷᠭᠡ 5 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠲᠠᠸᠠᠷ ᠤᠨ ᠲᠡᠮᠳᠡᠭ ᠤᠨ ᠲᠦᠷᠦᠯ ᠲᠡᠮᠳᠡᠭ ᠤᠨ ᠳᠠᠪᠠᠭᠤᠯᠢᠭ ᠠᠵᠤ ᠠᠬᠤᠶᠢᠯᠠᠯ ᠢᠶᠠᠷ ᠦᠨᠡᠯᠡᠭᠳᠡᠨ᠂ ︽ᠲᠢᠶᠠᠨ ᠵᠢᠶᠣᠣ ᠦᠨᠦᠷ ᠠᠮᠲᠠ︾ ᠵᠡᠷᠭᠡ 7 ᠣᠷᠣᠨ ᠪᠦᠰᠡ ᠶᠢᠨ ᠲᠦᠷᠦᠯ ᠲᠡᠮᠳᠡᠭ᠂ ︽ᠰᠢᠯᠢ ᠶᠢᠨ ᠭᠤᠣᠯ ᠤᠨ ᠪᠢᠰᠢᠯᠠᠭ︾ ᠵᠡᠷᠭᠡ 6 ᠭᠠᠵᠠᠷ ᠵᠦᠢ ᠶᠢᠨ ᠢᠯᠡᠷᠬᠡᠶᠢᠯᠡᠯᠲᠦ ᠲᠡᠮᠳᠡᠭ ᠤᠨ ᠲᠠᠸᠠᠷ  ᠤᠨ ᠲᠡᠮᠳᠡᠭ ᠢ ᠰᠢᠨ᠎ᠡ ᠪᠠᠷ ᠳᠠᠩᠰᠠᠯᠠᠭᠤᠯᠵᠤ᠂ ︽ᠬᠢᠩᠭᠠᠨ ᠠᠶᠢᠮᠠᠭ ᠤᠨ ᠲᠤᠲᠤᠷᠭ᠎ᠠ︾ ᠵᠡᠷᠭᠡ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠠᠵᠠᠷ ᠵᠦᠢ ᠶᠢᠨ ᠢᠯᠡᠷᠬᠡᠶᠢᠯᠡᠯᠲᠦ ᠲᠡᠮᠳᠡᠭ ᠤᠨ ᠬᠡᠷᠡᠭᠯᠡᠯᠲᠡ ᠶᠢ ᠠᠬᠢᠭᠤᠯᠬᠤ ᠢᠨᠵᠧᠨᠧᠷᠢᠩ ᠤᠨ ᠲᠦᠷᠦᠯ ᠵᠦᠢᠯ ᠢ 22 ᠬᠡᠷᠡᠭᠵᠢᠭᠦᠯᠦᠨ᠂ ︽ᠦᠶᠤᠸᠠᠨ ᠤ ᠨᠡᠷᠡᠨ ᠬᠤᠸᠠᠷ︾᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠶᠢ ᠭᠠᠵᠠᠷ ᠵᠦᠢ ᠶᠢᠨ ᠢᠯᠡᠷᠬᠡᠶᠢᠯᠡᠯᠲᠦ ᠲᠡᠮᠳᠡᠭ ᠤᠨ ᠬᠠᠮᠠᠭᠠᠯᠠᠯᠲᠠ ᠶᠢᠨ ᠵᠢᠱᠢᠶ᠎ᠡ ᠦᠵᠡᠭᠦᠯᠭᠦ ᠲᠣᠭᠤᠷᠢᠭ ᠪᠣᠯᠭᠠᠨ ᠪᠠᠶᠢᠭᠤᠯᠬᠤ ᠪᠠᠷ ᠤᠯᠤᠰ ᠤᠨ ᠵᠥᠪᠰᠢᠶᠡᠷᠡᠯ ᠢ ᠣᠯᠪᠠ᠃ ᠭᠠᠵᠠᠷ ᠵᠦᠢ ᠶᠢᠨ ᠢᠯᠡᠷᠬᠡᠶᠢᠯᠡᠯᠲᠦ ᠲᠡᠮᠳᠡᠭ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠥᠷᠨᠢᠭᠦᠯᠵᠦ᠂ ︽ᠠᠤᠬᠠᠨ ᠤ ᠨᠠᠷᠢᠮᠤ︾ ᠵᠡᠷᠭᠡ 6 ᠭᠠᠵᠠᠷ ᠵᠦᠢ ᠶᠢᠨ ᠢᠯᠡᠷᠬᠡᠶᠢᠯᠡᠯᠲᠦ ᠲᠡᠮᠳᠡᠭ ᠤᠯᠤᠰ ᠤᠨ ᠲᠦᠷᠦᠭᠦᠦ ᠪᠦᠯᠦᠭ ᠤᠨ ᠭᠠᠵᠠᠷ ᠵᠦᠢ ᠶᠢᠨ ᠢᠯᠡᠷᠬᠡᠶᠢᠯᠡᠯᠲᠦ ᠲᠡᠮᠳᠡᠭ ᠤᠨ ᠬᠡᠷᠡᠭᠯᠡᠯᠲᠡ ᠶᠢ ᠠᠬᠢᠭᠤᠯᠬᠤ ᠭᠤᠣᠯᠳᠠᠯᠭ᠎ᠠ ᠲᠠᠢ ᠬᠠᠷᠢᠯᠴᠠᠬᠤ ᠵᠢᠯᠤᠭᠤᠳᠬᠤ ᠨᠡᠷᠡᠰ ᠤᠨ ᠵᠢᠭᠰᠠᠭᠠᠯᠲᠠ ᠳᠤ ᠲᠣᠳᠣᠷᠠᠨ᠂ ᠭᠠᠵᠠᠷ ᠵᠦᠢ ᠶᠢᠨ ᠢᠯᠡᠷᠬᠡᠶᠢᠯᠡᠯᠲᠦ ᠲᠡᠮᠳᠡᠭ ᠤᠨ ᠲᠤᠰᠬᠠᠢ ᠬᠡᠷᠡᠭᠯᠡᠭᠡᠨ ᠤ ᠲᠡᠮᠳᠡᠭ ᠢ ᠬᠡᠷᠡᠭᠯᠡᠵᠦ ᠪᠦᠬᠦᠢ ᠡᠵᠡᠩᠨᠡᠯᠲᠡ ᠶᠢᠨ ᠭᠤᠣᠯ ᠴᠣᠭᠴᠠ 427 ᠪᠣᠯᠵᠤ᠂ ᠭᠠᠵᠠᠷ ᠵᠦᠢ ᠶᠢᠨ ᠢᠯᠡᠷᠬᠡᠶᠢᠯᠡᠯᠲᠦ ᠲᠡᠮᠳᠡᠭ ᠤᠨ ᠦᠢᠯᠡᠳᠬᠦᠨ ᠤ ᠵᠢᠯ ᠤᠨ ᠰᠢᠭᠤᠳ ᠦᠢᠯᠡᠳᠬᠦᠨ ᠤ ᠦᠷᠳᠡᠭ 280 ᠳ᠋ᠦᠩᠰᠢᠭᠤᠷ ᠲᠥᠭᠦᠷᠢᠭ ᠲᠤ ᠬᠦᠷᠴᠡᠢ᠃      ᠣᠳᠣᠬᠠᠨ ᠳᠤ ᠪᠦᠭᠦ ᠣᠷᠣᠨ ᠤ ᠭᠠᠵᠠᠷ ᠵᠦᠢ ᠶᠢᠨ ᠢᠯᠡᠷᠬᠡᠶᠢᠯᠡᠯᠲᠦ ᠲᠡᠮᠳᠡᠭᠲᠦ ᠲᠠᠸᠠᠷ ᠤᠨ ᠲᠡᠮᠳᠡᠭ 185 ᠪᠠᠶᠢᠵᠤ᠂  ᠭᠠᠵᠠᠷ ᠵᠦᠢ ᠶᠢᠨ ᠢᠯᠡᠷᠬᠡᠶᠢᠯᠡᠯᠲᠦ  ᠲᠡᠮᠳᠡᠭᠲᠦ  ᠬᠠᠮᠠᠭᠠᠯᠠᠯᠲᠠ ᠶᠢᠨ ᠦᠢᠯᠡᠳᠬᠦᠨ 42 ᠪᠤᠢ᠃  ᠤᠯᠤᠰ  ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠥᠭᠵᠢᠯᠲᠡ ᠶᠢᠨ ᠪᠠᠶᠢᠳᠠᠯ ᠤᠨ ᠦᠨᠡᠯᠡᠯᠲᠡ ᠶᠢᠨ ᠮᠡᠳᠡᠭᠦᠯᠦᠯᠲᠡ ᠶᠢ  ᠦᠨᠳᠦᠰᠦᠯᠡᠪᠡᠯ᠂  ᠮᠠᠨ ᠤ  ᠣᠷᠣᠨ ᠤ ᠲᠠᠸᠠᠷ ᠤᠨ ᠲᠡᠮᠳᠡᠭ ᠤᠨ ᠬᠦᠴᠦᠨ ᠲᠠᠢ ᠬᠡᠮᠵᠢᠶ᠎ᠡ᠂ ᠲᠠᠸᠠᠷ ᠤᠨ ᠲᠡᠮᠳᠡᠭ ᠢ ᠬᠡᠷᠡᠭᠯᠡᠬᠦ ᠵᠥᠪᠰᠢᠶᠡᠷᠡᠯ ᠤᠨ ᠲᠤᠭ᠎ᠠ ᠬᠡᠮᠵᠢᠶ᠎ᠡ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠵᠠᠭᠤᠷᠠᠯᠳᠤᠭᠠᠨ ᠢ ᠡᠶᠡᠳᠡᠭᠦᠯᠦᠭᠰᠡᠨ ᠬᠡᠷᠡᠭ ᠤᠨ ᠲᠤᠭ᠎ᠠ ᠬᠡᠮᠵᠢᠶ᠎ᠡ ᠵᠡᠷᠭᠡ ᠭᠦᠢᠴᠡᠳᠬᠡᠯ ᠲᠤᠭ᠎ᠠ ᠴᠥᠮ ᠪᠦᠭᠦ ᠤᠯᠤᠰ ᠤᠨ ᠳᠤᠮᠳᠠᠴᠢ  ᠲᠦᠪᠰᠢᠨ ᠠᠴᠠ ᠳᠠᠪᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号