ᠦᠴᠦᠸᠠᠨ ᠰᠢᠶᠠᠨ᠄ ᠥᠨᠳᠥᠷ ᠪᠦᠲᠦᠮᠵᠢᠲᠡᠶ ᠪᠠᠷ ᠨᠢᠭᠡ ᠤᠴᠢᠷ ᠢ ᠪᠦᠲᠦᠭᠡᠵᠦ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠬᠦᠴᠢᠷ ᠠᠰᠠᠭᠤᠳᠠᠯ ᠢ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2024/5/8
     ᠦᠨᠡᠬᠡᠷ ᠥᠨᠳᠥᠷ ᠪᠦᠲᠦᠮᠵᠢᠲᠡᠶ︕ ᠤᠲᠠᠰᠤ ᠪᠠᠷ ᠠᠰᠠᠭᠤᠨ ᠯᠠᠪᠯᠠᠬᠤ ᠠᠴᠠ ᠠᠪᠤᠭᠠᠳ ᠲᠤᠬᠠᠢ ᠶᠢᠨ ᠲᠠᠯᠠᠪᠤᠷ ᠲᠤ ᠬᠦᠷᠲᠡᠯ᠎ᠡ᠂ ᠭᠤᠭᠴᠤᠭ᠎ᠠ ᠨᠢᠭᠡᠪᠦᠷᠢ ᠳᠤ ᠴᠥᠮ ᠬᠥᠮᠥᠡᠯᠢᠭ ᠬᠠᠯᠠᠮᠵᠢᠯᠠᠯ ᠪᠠ ᠠᠵᠢᠯ ᠤᠨ ᠥᠨᠳᠥᠷ ᠪᠦᠲᠦᠮᠵᠢᠲᠡᠶ ᠦᠷ᠎ᠡ ᠪᠦᠲᠦᠮᠵᠢ ᠪᠠᠷ ᠳᠦᠭᠦᠷᠡᠩ ᠪᠠᠶᠢᠨ᠎ᠠ᠂ ᠡᠭᠦᠨ ᠳᠤ ᠪᠥᠬᠦ ᠶᠠᠪᠤᠴᠠ ᠳᠤ ᠰᠦᠢᠳᠬᠡᠯ ᠬᠤᠷᠢᠶᠠᠬᠤ ᠦᠭᠡᠢ ︵ᠰᠦᠢᠳᠬᠡᠯ ᠬᠤᠷᠢᠶᠠᠬᠤ ᠦᠭᠡᠢ ᠪᠠᠷ ᠳᠠᠷᠤᠮᠠᠯᠯᠠᠬᠤ᠂ ᠳᠠᠷᠤᠮᠠᠯᠯᠠᠬᠤ᠂ ᠰᠦᠢᠳᠬᠡᠯ ᠬᠤᠷᠢᠶᠠᠬᠤ ᠦᠭᠡᠢ ᠪᠠᠷ ᠲᠠᠮᠠᠭ᠎ᠠ ᠰᠡᠶᠢᠯᠬᠦ︶ ᠪᠣᠯ ᠬᠠᠮᠤᠭ ᠤᠨ ᠵᠠᠩᠭᠢᠯᠠᠭ᠎ᠠ ᠪᠣᠯᠣᠨ᠎ᠠ᠃ ᠲᠦᠷᠦᠭᠦᠬᠡᠨ᠂ ᠥᠪᠥᠷ ᠮᠣᠩᠭᠤᠯ ᠤᠨ ᠷᠦᠩ ᠵᠢᠢ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠳ᠋ᠦᠩ ᠠᠪᠤᠭᠠᠢ ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠠᠵᠤ ᠠᠬᠤᠶᠢᠯᠠᠯ ᠨᠡᠭᠡᠭᠡᠨ ᠡᠷᠭᠢᠯᠡᠬᠦ ᠲᠤᠰᠬᠠᠢ ᠲᠣᠭᠤᠷᠢᠭ ᠤᠨ ᠴᠣᠩᠬᠤᠨ ᠤ ᠠᠵᠢᠯᠲᠠᠨ ᠤ ᠦᠢᠯᠡᠴᠢᠯᠡᠬᠦ ᠣᠪᠣᠷ ᠨᠢ ᠰᠠᠶᠢᠨ᠂ ᠲᠤᠬᠠᠶᠢᠯᠠᠭᠰᠠᠨ ᠠᠵᠢᠯ ᠤᠨ ᠴᠢᠳᠠᠪᠤᠷᠢ ᠨᠢ ᠴᠢᠩᠭ᠎ᠠ᠂ ᠠᠵᠢᠯ ᠤᠨ ᠦᠷ᠎ᠡ ᠪᠦᠲᠦᠮᠵᠢ ᠨᠢ ᠥᠨᠳᠥᠷ ᠪᠠᠶᠢᠬᠤ ᠶᠢ ᠭᠦᠨᠵᠡᠭᠡᠢ ᠣᠶᠢᠯᠠᠭᠠᠵᠤ ᠪᠠᠶᠢᠨ᠎ᠠ ᠭᠡᠵᠡᠢ᠃
     ᠠᠵᠤ ᠠᠬᠤᠶᠢᠯᠠᠯ ᠨᠡᠭᠡᠭᠡᠨ ᠡᠷᠭᠢᠯᠡᠬᠦ ᠴᠣᠩᠬᠤ ᠶᠢᠨ ᠠᠵᠢᠯᠲᠠᠨ ᠳ᠋ᠦᠩ ᠠᠪᠤᠭᠠᠢ ᠶᠢᠨ ᠺᠣᠮᠫᠠᠨᠢ ᠪᠠᠶᠢᠭᠤᠯᠬᠤ ᠭᠡᠰᠡᠨ ᠤᠲᠠᠰᠤ ᠶᠢ ᠳᠤᠰᠤᠭᠰᠠᠨ ᠤ ᠳᠠᠷᠠᠭ᠎ᠠ ᠭᠤᠶᠤᠴᠢᠯᠠᠭᠴᠢ ᠶᠢᠨ ᠭᠠᠴᠢᠭᠳᠠᠯ ᠵᠣᠪᠠᠭᠤᠷᠢ ᠶᠢ ᠬᠦᠯᠢᠴᠡᠩᠭᠦᠢ ᠪᠠᠷ ᠬᠠᠷᠢᠭᠤᠯᠵᠤ᠂ ᠬᠡᠷᠡᠭᠰᠡᠬᠦ ᠮᠠᠲ᠋ᠧᠷᠢᠶᠠᠯ ᠤᠨ ᠨᠠᠷᠢᠨ ᠳᠠᠩᠰᠠ ᠶᠢ ᠨᠢᠭᠡ ᠯᠡ ᠳᠡᠭᠡᠷ᠎ᠡ ᠮᠡᠳᠡᠭᠳᠡᠵᠦ᠂ ᠤᠲᠠᠰᠤ ᠪᠠᠷ ᠳᠠᠮᠵᠢᠭᠤᠯᠤᠨ ᠨᠠᠷᠢᠨ ᠲᠣᠳᠣᠷᠬᠠᠢ ᠬᠡᠷᠡᠭ ᠤᠴᠢᠷ ᠰᠢᠢᠳᠪᠦᠷᠢᠯᠡᠬᠦ ᠵᠦᠭᠯᠡᠭᠦᠷ ᠪᠣᠯᠣᠨ ᠭᠦᠢᠴᠡᠳᠬᠡᠬᠦ ᠶᠠᠪᠤᠴᠠ ᠶᠢ ᠭᠤᠶᠤᠴᠢᠯᠠᠭᠴᠢ ᠳᠤ ᠬᠠᠮᠲᠤ ᠳᠤᠨᠢ ᠮᠡᠳᠡᠭᠳᠡᠵᠡᠢ᠃      ᠰᠡᠭᠦᠯᠡᠷ ᠨᠢ ᠳ᠋ᠦᠩ ᠠᠪᠤᠭᠠᠢ ᠲᠤᠬᠠᠶᠢᠯᠠᠭᠰᠠᠨ ᠠᠵᠢᠯ ᠤᠨ ᠶᠠᠪᠤᠴᠠ ᠶᠢ ᠮᠥᠨ ᠴᠤ ᠳᠡᠮᠡᠢ ᠰᠠᠶᠢᠨ ᠣᠶᠢᠯᠠᠭᠠᠬᠤ ᠦᠭᠡᠢ ᠪᠠᠶᠢᠵᠤ᠂ ᠺᠣᠮᠫᠠᠨᠢ ᠪᠠᠶᠢᠭᠤᠯᠬᠤ ᠶᠢ ᠪᠠᠴᠢᠮ ᠱᠠᠭᠠᠷᠳᠠᠵᠤ᠂ ᠠᠵᠢᠯᠲᠠᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ᠂ ᠬᠠᠮᠤᠭ ᠤᠨ ᠣᠬᠤᠷᠬᠠᠨ ᠬᠤᠭᠤᠴᠠᠭᠠᠨ ᠳᠤ ᠡᠵᠡᠩᠨᠡᠯᠲᠡ ᠶᠢᠨ ᠦᠨᠡᠮᠯᠡᠯ ᠪᠠ ᠲᠠᠮᠠᠭ᠎ᠠ ᠶᠢ ᠣᠯᠬᠤ᠂ ᠺᠣᠮᠫᠠᠨᠢ ᠶᠢᠨ ᠲᠤᠬᠠᠶᠢᠯᠠᠭᠰᠠᠨ ᠠᠵᠢᠯ ᠢ ᠤᠷᠤᠭᠰᠢᠲᠠᠢ ᠪᠠᠷ ᠥᠷᠨᠢᠭᠦᠯᠬᠦ ᠶᠢ ᠬᠦᠰᠡᠵᠦ ᠪᠠᠶᠢᠬᠤ ᠪᠠᠨ ᠢᠯᠡᠳᠬᠡᠪᠡ᠃      ᠠᠵᠤ ᠠᠬᠤᠶᠢᠯᠠᠯ ᠨᠡᠭᠡᠭᠡᠨ ᠡᠷᠭᠢᠯᠡᠬᠦ ᠴᠣᠩᠬᠤ ᠶᠢᠨ ᠠᠵᠢᠯᠲᠠᠳ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ︽ᠠᠷᠠᠳ ᠲᠦᠮᠡᠨ ᠳᠤ ᠦᠢᠯᠡᠴᠢᠯᠡᠬᠦ︾ ᠵᠠᠷᠴᠢᠮ ᠢ ᠪᠠᠷᠢᠮᠲᠠᠯᠠᠨ᠂ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠵᠦ᠂ ᠳ᠋ᠦᠩ ᠠᠪᠤᠭᠠᠢ ᠶᠢ ᠬᠠᠪᠰᠤᠷᠤᠨ ᠪᠡᠶ᠎ᠡ ᠪᠠᠨ ᠳᠠᠭᠠᠭᠠᠵᠤ ᠨᠡᠷ᠎ᠡ ᠬᠠᠷᠭᠤᠭᠤᠯᠬᠤ᠂ ᠳᠠᠩᠰᠠᠯᠠᠭᠤᠯᠬᠤ ᠬᠠᠶ᠋ᠢᠭ ᠢ ᠲᠣᠭᠲᠠᠭᠠᠬᠤ᠂ ᠭᠤᠶᠤᠴᠢᠯᠠᠯ ᠤᠨ ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠵᠡᠷᠭᠡ ᠤᠴᠢᠷ ᠶᠠᠪᠤᠳᠠᠯ ᠢ ᠴᠠᠭ ᠲᠤᠬᠠᠢ  ᠳᠤᠨᠢ ᠰᠢᠢᠳᠪᠦᠷᠢᠯᠡᠵᠦ ᠥᠭᠴᠡᠢ᠃ ᠠᠵᠢᠯᠲᠠᠳ ᠤᠨ ᠲᠤᠰᠬᠠᠢ ᠮᠡᠷᠭᠡᠵᠢᠯ ᠤᠨ ᠦᠢᠯᠡᠴᠢᠯᠡᠭᠡ ᠳᠣᠣᠷ᠎ᠠ᠂ ᠪᠥᠬᠦ ᠶᠠᠪᠤᠴᠠ ᠶᠢᠨ ᠭᠠᠷ ᠭᠦᠢᠴᠡᠳᠬᠡᠯ ᠨᠢ ᠵᠢᠷᠤᠮᠵᠢᠯ ᠲᠠᠢ᠂ ᠥᠨᠳᠥᠷ ᠪᠦᠲᠦᠮᠵᠢᠲᠡᠶ᠂ ᠳᠥᠭᠦᠮ ᠳᠥᠲᠡ ᠪᠠᠶᠢᠵᠦ᠂ ᠥᠪᠥᠷ ᠮᠣᠩᠭᠤᠯ ᠤᠨ ᠷᠦᠩ ᠵᠢᠢ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠳ᠋ᠦᠩ ᠠᠪᠤᠭᠠᠢ ᠬᠠᠭᠠᠰ ᠡᠳᠦᠷ ᠪᠣᠯᠣᠯ ᠦᠭᠡᠢ ᠪᠠᠷ ᠡᠵᠡᠩᠨᠡᠯᠲᠡ ᠶᠢᠨ ᠦᠨᠡᠮᠯᠡᠯ ᠪᠠ ᠲᠠᠮᠠᠭ᠎ᠠ ᠪᠠᠨ ᠣᠯᠵᠤ᠂ ᠠᠵᠤ ᠠᠬᠤᠶᠢᠯᠠᠯ ᠤᠨ ᠰᠡᠳᠬᠢᠯ ᠢ ᠠᠮᠤᠷᠵᠢᠭᠤᠯᠤᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠬᠠᠮᠤᠭ ᠤᠨ ᠰᠢᠯᠢᠳᠡᠭ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠬᠤ ᠪᠠᠷ ᠬᠠᠷᠠᠯᠲᠠ ᠪᠣᠯᠭᠠᠵᠤ᠂ ᠣᠯᠠᠨ ᠲᠦᠮᠡᠨ ᠤ ᠬᠡᠷᠡᠭᠴᠡᠭᠡ ᠳᠤ ᠰᠠᠭᠤᠷᠢᠯᠠᠨ᠂ ︽ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ︾ ᠦᠢᠯᠡᠴᠢᠯᠡᠭᠡᠨ ᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号