ᠦᠴᠦᠸᠠᠨ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠬᠥᠬᠡ ᠡᠷᠭᠢ ᠪᠠᠯᠭᠠᠰᠤᠨ ᠤ ᠰᠢ ᠭᠤᠸᠠᠨ ᠵᠢᠩ ᠨᠡᠶᠢᠭᠡᠮ ᠲᠣᠭᠤᠷᠢᠭ ᠲᠠᠢ ᠬᠠᠮᠲᠤᠷᠠᠨ ᠦᠨᠡᠨᠴᠢ ᠢᠲᠡᠭᠡᠮᠵᠢᠲᠡᠢ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/8
     ᠶᠡᠷᠦᠩᠬᠡᠢ ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠵᠦ᠂ ᠥᠷᠭᠡᠨ ᠤᠯᠠᠨ ᠭᠡᠷ ᠪᠦᠯᠢ ᠶᠢᠨ ᠦᠨᠡᠨᠴᠢ ᠢᠲᠡᠭᠡᠮᠵᠢ ᠶᠢᠨ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 7 ᠤ ᠡᠳᠦᠷ᠂ ᠦᠴᠦᠸᠠᠨ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠬᠥᠬᠡ ᠡᠷᠭᠢ ᠪᠠᠯᠭᠠᠰᠤᠨ ᠤ ᠰᠢ ᠭᠤᠸᠠᠨ ᠵᠢᠩ ᠨᠡᠶᠢᠭᠡᠮ ᠲᠣᠭᠤᠷᠢᠭ ᠲᠠᠢ ᠬᠠᠮᠲᠤᠷᠠᠨ ᠦᠨᠡᠨᠴᠢ ᠢᠲᠡᠭᠡᠮᠵᠢᠲᠡᠢ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠪᠡ᠃      ᠠᠵᠢᠯᠯᠠᠭ᠎ᠠ ᠡᠬᠢᠯᠡᠭᠰᠡᠨ ᠤ ᠳᠠᠷᠠᠭ᠎ᠠ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠲᠤ ᠬᠤᠪᠢ ᠬᠥᠮᠥᠨ ᠤ ᠦᠨᠡᠨᠴᠢ ᠢᠲᠡᠭᠡᠮᠵᠢ ᠶᠢᠨ ᠴᠢᠬᠤᠯᠠ ᠴᠢᠨᠠᠷ᠂ ᠡᠷᠡᠭᠦᠯ ᠪᠤᠰᠤ ᠢᠲᠡᠭᠡᠮᠵᠢ ᠶᠢᠨ ᠲᠡᠮᠳᠡᠭᠯᠡᠯ ᠠᠴᠠ ᠪᠣᠯᠤᠭᠰᠠᠨ ᠨᠥᠯᠥᠭᠡ ᠵᠢᠴᠢ ᠢᠲᠡᠭᠡᠮᠵᠢ ᠶᠢᠨ ᠲᠡᠮᠳᠡᠭᠯᠡᠯ ᠢ ᠬᠡᠷᠬᠢᠨ ᠰᠡᠷᠭᠦᠭᠡᠬᠦ ᠵᠡᠷᠭᠡ ᠶᠢ ᠪᠠᠭᠲᠠᠭᠠᠭᠰᠠᠨ ᠬᠤᠪᠢ ᠬᠥᠮᠥᠨ ᠤ ᠦᠨᠡᠨᠴᠢ ᠢᠲᠡᠭᠡᠮᠵᠢ ᠶᠢᠨ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠢᠶᠠᠷ ᠢᠶᠠᠨ ᠠᠮᠢᠳᠤᠷᠠᠯ ᠤᠨ ᠳᠤᠮᠳᠠ ᠦᠨᠡᠨᠴᠢ ᠢᠲᠡᠭᠡᠮᠵᠢ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠦᠨᠡᠨᠴᠢ ᠢᠲᠡᠭᠡᠮᠵᠢ ᠶᠢ ᠢᠳᠡᠪᠬᠢᠲᠡᠢ ᠦᠢᠯᠡᠳᠦᠯᠭᠡᠵᠢᠭᠦᠯᠬᠦ ᠶᠢ ᠰᠠᠨᠠᠭᠠᠴᠢᠯᠠᠪᠠ᠃      ᠳᠠᠷᠠᠭ᠎ᠠ ᠨᠢ᠂ ᠪᠦᠬᠦ ᠤᠯᠤᠰ ᠤᠨ ᠡᠮᠡᠭᠲᠡᠶᠢᠴᠦᠳ ᠤᠨ ᠭᠠᠪᠢᠶ᠎ᠠ ᠪᠠᠶᠢᠭᠤᠯᠤᠭᠰᠠᠨ ᠵᠢᠱᠢᠶᠡᠴᠢ᠂ ᠥᠪᠡᠷᠲᠡᠭᠡᠨ ᠵᠠᠰᠠᠬᠤ ᠣᠷᠣᠨ ᠤ ︽3·8︾ ᠤ ᠤᠯᠠᠭᠠᠨ ᠲᠤᠭᠴᠢ ᠸᠠᠩ ᠯᠢᠩ ᠯᠢᠩ ᠬᠤᠷᠰᠢᠶ᠎ᠠ ᠡᠵᠡᠩᠨᠡᠵᠦ ᠪᠠᠶᠢᠭᠰᠠᠨ ᠬᠤᠭᠤᠴᠠᠭᠠᠨ ᠳᠠᠬᠢ ᠦᠨᠡᠨᠴᠢ ᠢᠲᠡᠭᠡᠮᠵᠢᠲᠡᠢ ᠡᠵᠡᠩᠨᠡᠯᠲᠡ ᠶᠢᠨ ᠣᠶᠢᠯᠠᠭᠠᠭᠳᠠᠬᠤᠨ ᠢᠶᠠᠨ ᠤᠯᠠᠨ ᠳᠤ ᠬᠤᠪᠢᠶᠠᠯᠴᠠᠵᠤ᠂ ᠬᠤᠳᠠᠯ ᠬᠠᠭᠤᠷᠮᠠᠭ ᠴᠢᠨᠠᠷ ᠮᠠᠭᠤ ᠦᠢᠯᠡᠳᠬᠦᠨ ᠪᠣᠷᠣᠯᠠᠭᠤᠯᠬᠤ᠂ ᠬᠤᠳᠠᠯᠳᠤᠨ ᠠᠪᠤᠭᠴᠢᠳ ᠢ ᠮᠡᠬᠡᠯᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠡᠷᠡᠰ ᠬᠤᠷᠢᠭᠯᠠᠵᠤ᠂ ᠪᠦᠷᠢᠨ ᠭᠦᠢᠴᠡᠳ᠂ ᠦᠨᠡᠨᠴᠢ ᠦᠢᠯᠡᠴᠢᠯᠡᠭᠡ ᠪᠠᠷ ᠬᠡᠷᠡᠭᠯᠡᠭᠴᠢᠳ ᠢ ᠳᠣᠭᠳᠣᠯᠤᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
     ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠣᠯᠠᠨ ᠲᠦᠮᠡᠨ ᠳᠤ ᠦᠨᠡᠨᠴᠢ ᠢᠲᠡᠭᠡᠮᠵᠢ ᠶᠢᠨ ᠬᠥᠮᠦᠵᠢᠯ ᠬᠢᠬᠦ ᠶᠢ ᠴᠢᠩᠭᠠᠳᠬᠠᠵᠤ᠂ ᠢᠲᠡᠭᠡᠮᠵᠢ ᠶᠢᠨ ᠬᠠᠤᠯᠢ ᠪᠠᠷ ᠵᠠᠰᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠲᠦᠭᠡᠮᠡᠯᠵᠢᠭᠦᠯᠬᠦ ᠶᠢ ᠠᠬᠢᠭᠤᠯᠪᠠ᠃ ᠳᠠᠷᠠᠭᠠᠴᠢ ᠶᠢᠨ ᠠᠯᠬᠤᠮ ᠳᠤ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠮᠡᠭᠲᠡᠶᠢᠴᠦᠳ ᠤᠯᠠᠨ ᠲᠦᠮᠡᠨ ᠤ ᠢᠲᠡᠭᠡᠮᠵᠢ ᠶᠢᠨ ᠤᠬᠠᠮᠰᠠᠷ ᠪᠣᠯᠣᠨ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠳᠡᠭᠡᠭᠰᠢᠯᠡᠭᠦᠯᠵᠦ᠂ ᠦᠨᠡᠨᠴᠢ ᠢᠲᠡᠭᠡᠮᠵᠢᠲᠡᠢ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号