2024 ᠣᠨ ᠤ ᠦᠴᠦᠸᠠᠨ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠦᠨᠳᠦ ᠬᠥᠩᠭᠡᠨ ᠲᠠᠮᠢᠷ ᠤᠨ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2024/5/8
     5 ᠰᠠᠷ᠎ᠠ ᠶᠢᠨ 7 ᠤ ᠦᠳᠡ ᠶᠢᠨ ᠡᠮᠦᠨ᠎ᠡ᠂ ᠦᠴᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠢ ᠳᠤ ᠥᠩᠭᠡᠲᠦ ᠲᠤᠭ ᠨᠠᠮᠢᠷᠠᠵᠤ᠂ ᠬᠡᠩᠭᠡᠷᠭᠡ ᠳᠡᠯᠡᠳᠴᠦ᠂ ᠦᠴᠦᠸᠠᠨ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠦᠨᠳᠦ ᠬᠥᠩᠭᠡᠨ ᠲᠠᠮᠢᠷ ᠤᠨ ᠴᠤᠭᠯᠠᠭᠠᠨ ᠦᠪᠡᠳᠡᠭᠰᠢ ᠶᠡᠬᠡᠪᠡᠷ ᠡᠬᠢᠯᠡᠪᠡ᠃ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠦᠨ ᠰᠢᠶᠣᠣ ᠮᠢᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠾᠦᠢ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠵᠢᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
     ᠲᠠᠮᠢᠷ ᠤᠨ ᠲᠠᠯᠠᠪᠠᠢ ᠳᠤ ᠥᠩᠭᠡᠲᠦ ᠲᠤᠭ ᠨᠠᠮᠢᠷᠠᠵᠤ᠂ ᠬᠥᠮᠥᠰ ᠴᠤᠭᠯᠠᠷᠠᠵᠤ᠂ ᠪᠦᠬᠦ ᠬᠤᠷᠠᠯ ᠤᠨ ᠲᠠᠯᠠᠪᠠᠢ ᠳᠤ ᠵᠠᠯᠠᠭᠤ ᠨᠠᠰᠤᠨ ᠤ ᠴᠤᠭ ᠵᠢᠪᠬᠤᠭ᠎ᠠ ᠪᠠᠷ ᠪᠢᠯᠬᠠᠵᠤ᠂ ᠰᠦᠷ ᠵᠢᠪᠬᠤᠭ᠎ᠠ ᠲᠠᠢ ︽ᠲᠠᠮᠢᠷᠴᠢᠨ ᠤ ᠤᠷᠤᠭᠰᠢᠯᠠᠯᠲᠠ ᠶᠢᠨ ᠬᠥᠭᠵᠢᠮ︾ ᠢ ᠳᠠᠭᠠᠯᠳᠤᠵᠤ᠂ ᠲᠤᠭ ᠬᠠᠮᠠᠭᠠᠯᠠᠭᠴᠢᠳ ᠲᠠᠪᠤᠨ ᠣᠳᠣᠲᠤ ᠤᠯᠠᠭᠠᠨ ᠲᠤᠭ ᠢ ᠬᠠᠮᠠᠭᠠᠯᠠᠨ ᠲᠡᠷᠢᠭᠦᠯᠡᠭᠴᠢ ᠶᠢᠨ ᠲᠠᠶᠢᠰᠠ ᠪᠠᠷ ᠥᠩᠭᠡᠷᠡᠬᠦ ᠳᠤ᠂ ᠬᠤᠷᠠᠯ ᠤᠨ ᠰᠦᠯᠳᠡ ᠶᠢᠨ ᠵᠢᠭᠰᠠᠭᠠᠯ᠂ ᠬᠡᠩᠭᠡᠷᠭᠡ ᠶᠢᠨ ᠵᠢᠭᠰᠠᠭᠠᠯ᠂ ᠴᠡᠴᠡᠭ ᠤᠨ ᠵᠢᠭᠰᠠᠭᠠᠯ᠂ ᠬᠢᠨᠠᠭᠴᠢ ᠶᠢᠨ ᠵᠢᠭᠰᠠᠭᠠᠯ᠂ ᠲᠥᠯᠥᠭᠡᠯᠡᠭᠴᠢᠳ ᠤᠨ ᠵᠢᠭᠰᠠᠭᠠᠯ ᠬᠡᠩᠭᠡᠷᠭᠡ ᠶᠢᠨ ᠴᠡᠭ ᠢᠶᠠᠷ ᠳᠠᠷᠠᠭᠠᠯᠠᠨ ᠲᠠᠯᠠᠪᠠᠢ ᠳᠤ ᠣᠷᠣᠪᠠ᠃ ᠢᠳᠡᠷᠡᠭᠦᠨ ᠠᠯᠬᠤᠭ᠎ᠠ᠂ ᠭᠡᠷᠡᠯ ᠰᠠᠴᠤᠷᠠᠩᠭᠤᠢ ᠢᠨᠢᠶᠡᠮᠰᠦᠭᠯᠡᠯ ᠨᠢ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠲᠤ ᠣᠨᠴᠠ ᠪᠠᠶᠢᠳᠠᠭ ᠴᠤᠭ ᠵᠢᠪᠬᠤᠭ᠎ᠠ ᠪᠣᠯᠣᠨ ᠠᠮᠢᠵᠢᠷᠠᠯ ᠤᠨ ᠬᠦᠴᠦᠨ ᠢ ᠢᠯᠡᠷᠡᠭᠦᠯᠦᠭᠰᠡᠨ ᠪᠠᠶᠢᠨ᠎ᠠ᠃
     ᠳᠠᠷᠠᠭ᠎ᠠ ᠨᠢ᠂ ᠡᠬᠢᠯᠡᠯᠲᠡ ᠶᠢᠨ ᠶᠣᠰᠣᠯᠠᠯ ᠤᠨ ᠬᠠᠮᠲᠤ ᠶᠢᠨ ᠪᠡᠶ᠎ᠡ ᠶᠢᠨ ᠲᠠᠮᠢᠷ ᠤᠨ ᠲᠣᠭᠯᠠᠯᠲᠠ᠂ ᠠᠷᠰᠯᠠᠨ ᠪᠥᠵᠢᠭ ᠤᠨ ᠭᠤᠶᠢᠳᠠ ᠰᠠᠶᠢᠬᠠᠨ ᠲᠣᠭᠯᠠᠯᠲᠠ ᠡᠬᠢᠯᠡᠵᠦ᠂ ᠲᠣᠭᠯᠠᠯᠲᠠ ᠶᠢᠨ ᠬᠥᠰᠢᠭᠡ ᠶᠢ ᠨᠡᠭᠡᠭᠡᠪᠡ᠃ ᠡᠬᠢᠯᠡᠯᠲᠡ ᠶᠢᠨ ᠲᠤᠬᠠᠢ ᠶᠢᠨ ᠲᠠᠯᠠᠪᠠᠢ ᠶᠢᠨ ᠲᠣᠭᠯᠠᠯᠲᠠ ᠨᠢ ᠰᠦᠷ ᠵᠢᠪᠬᠤᠭ᠎ᠠ ᠲᠠᠢ ᠬᠡᠩᠭᠡᠷᠭᠡ ᠶᠢᠨ ᠲᠠᠭᠤᠨ᠂ ᠴᠤᠭ ᠵᠢᠪᠬᠤᠭ᠎ᠠ ᠲᠠᠢ ᠳᠦᠷᠢ ᠪᠠᠶᠢᠳᠠᠯ᠂ ᠬᠤᠪᠢᠷᠠᠯᠲᠠ ᠶᠡᠬᠡᠲᠡᠢ ᠳᠦᠷᠰᠦ ᠪᠦᠲᠦᠭᠡᠯᠲᠡ᠂ ᠬᠠᠮᠲᠤ ᠰᠤᠷᠤᠭᠴᠢᠳ ᠤᠨ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠪᠠ ᠰᠤᠷᠭᠠᠭᠤᠯᠢ ᠶᠢᠨ ᠬᠦᠷᠢᠶᠡᠨ ᠤ ᠣᠨᠴᠠᠯᠢᠭᠲᠤ ᠰᠣᠶᠣᠯ ᠤᠨ ᠷᠢᠳᠢ ᠰᠢᠳᠢ ᠳᠤ ᠡᠬᠡ ᠤᠯᠤᠰ ᠲᠠᠭᠠᠨ ᠬᠠᠨᠳᠤᠭᠤᠯᠤᠭᠰᠠᠨ ᠭᠦᠨ ᠵᠤᠵᠠᠭᠠᠨ ᠬᠠᠶᠢᠷ᠎ᠠ ᠰᠡᠳᠬᠢᠯᠭᠡ ᠪᠠᠨ ᠲᠣᠭᠠᠴᠢᠵᠠᠢ᠃ ᠲᠠᠯᠠᠪᠠᠢ ᠳᠤ ᠣᠷᠣᠬᠤ ᠶᠣᠰᠣᠯᠠᠯ ᠨᠢ ᠬᠥᠮᠥᠰ ᠤᠨ ᠰᠡᠳᠬᠢᠯ ᠢ ᠳᠣᠭᠳᠣᠯᠤᠭᠤᠯᠵᠤ᠂ ᠦᠵᠡᠭᠴᠢᠳ ᠤᠨ ᠤᠷᠠᠶᠢᠯᠠᠨ ᠬᠠᠰᠬᠢᠷᠬᠤ ᠲᠠᠭᠤᠨ ᠴᠤᠤᠷᠢᠶᠠᠳᠤᠨ᠎ᠠ᠃
     ᠳᠣᠬᠢᠶᠠᠨ ᠤ ᠫᠤᠤ ᠶᠢᠨ ᠳᠤᠤᠭᠠᠷᠬᠤ ᠶᠢ ᠳᠠᠭᠠᠯᠳᠤᠨ᠂ ᠲᠠᠮᠢᠷ ᠤᠨ ᠴᠤᠭᠯᠠᠭᠠᠨ ᠤ ᠤᠷᠤᠯᠳᠤᠭᠠᠨ ᠤ ᠵᠦᠢᠯ ᠵᠢᠩᠬᠢᠨᠢ ᠪᠠᠷ ᠡᠬᠢᠯᠡᠪᠡ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ 2 ᠡᠳᠦᠷ ᠶᠠᠪᠤᠭᠳᠠᠬᠤ ᠪᠣᠯᠣᠨ᠎ᠠ᠂ ᠪᠥᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ 9 ᠲᠥᠯᠥᠭᠡᠯᠡᠭᠴᠢᠳ ᠤᠨ ᠠᠩᠭᠢ ᠳᠤ 240 ᠭᠠᠷᠤᠢ ᠲᠠᠮᠢᠷᠴᠢᠨ ᠴᠤᠭᠯᠠᠷᠠᠵᠤ᠂ ᠪᠥᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠲᠥᠯᠥᠭᠡᠯᠡᠨ ᠲᠣᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠣᠯᠴᠠᠵᠤ᠂ ᠤᠷᠤᠯᠳᠤᠭᠠᠨ ᠢᠶᠠᠷ ᠳᠡᠮᠵᠢᠨ ᠵᠠᠯᠠᠭᠤ ᠨᠠᠰᠤ ᠪᠠ ᠠᠮᠢᠵᠢᠷᠠᠯ ᠤᠨ ᠬᠦᠴᠦᠨ᠂ ᠣᠷᠭᠢᠯᠤᠮ᠎ᠠ ᠰᠡᠳᠬᠢᠯᠭᠡ ᠪᠠ ᠬᠦᠰᠡᠯ ᠵᠡᠭᠦᠳᠦ ᠪᠠᠨ ᠪᠠᠳᠠᠷᠠᠭᠤᠯᠵᠤ᠂ ︽ᠨᠠᠩ ᠥᠨᠳᠥᠷ᠂ ᠨᠠᠩ ᠲᠦᠷᠭᠡᠨ᠂ ᠨᠠᠩ ᠬᠦᠴᠦᠷᠬᠡᠭ︾ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠠ ᠪᠡᠶ᠎ᠡ ᠶᠢᠨ ᠲᠠᠮᠢᠷ ᠤᠨ ᠰᠦᠭ ᠰᠦᠨᠡᠰᠦ ᠶᠢ ᠳᠡᠯᠭᠡᠨ ᠦᠵᠡᠭᠦᠯᠬᠦ ᠪᠣᠯᠣᠨ᠎ᠠ᠃ ︵ᠰᠤᠷᠪᠤᠯᠵᠢᠯᠠᠭᠴᠢ᠄ ᠵᠣᠣ ᠯᠧ᠂ ᠵᠠᠩ ᠵᠠᠨ ᠹᠧᠩ᠂ ᠴᠢᠶᠣᠤ ᠳ᠋ᠦᠩ ᠳ᠋ᠦᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号