︽ᠤᠮᠠᠷᠠᠲᠤ ᠬᠢᠯᠢ ᠶᠢ ᠤᠩᠰᠢᠬᠤ︾ 2024 ᠣᠨ ᠤ ᠦᠴᠦᠸᠠᠨ ᠰᠢᠶᠠᠨ ᠤ ᠨᠣᠮ ᠤᠨ ᠰᠠᠩ ᠪᠦᠬᠦ ᠠᠷᠠᠳ ᠤᠨ ᠤᠩᠰᠢᠯᠭ᠎ᠠ ᠶᠢ ᠳᠡᠯᠭᠡᠷᠡᠭᠦᠯᠬᠦ ᠨᠡᠭᠦᠳᠡᠯ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/5/9
     ︽ᠲᠠᠪᠤᠨ ᠰᠠᠷ᠎ᠠ ᠶᠢᠨ ᠨᠢᠭᠡᠨ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ︾ ᠪᠣᠯ ᠪᠦᠬᠦ ᠳᠡᠯᠡᠬᠡᠢ ᠶᠢᠨ ᠬᠥᠳᠡᠯᠮᠦᠷᠢᠴᠢᠨ ᠠᠷᠠᠳ ᠲᠦᠮᠡᠨ ᠤ ᠬᠠᠮᠲᠤ ᠶᠢᠨ ᠪᠠᠶᠠᠷ ᠤᠨ ᠡᠳᠦᠷ ᠮᠥᠨ᠂ ᠡᠨᠡᠬᠦ ᠳᠤᠷᠠᠰᠬᠠᠭᠤᠰᠢᠲᠠᠢ ᠡᠳᠦᠷ ᠤᠳ ᠲᠤ᠂ ᠦᠴᠦᠸᠠᠨ ᠰᠢᠶᠠᠨ ᠤ ᠨᠣᠮ ᠤᠨ ᠰᠠᠩ ᠤᠨ ᠠᠵᠢᠯᠲᠠᠳ ᠠᠮᠠᠷᠠᠯᠲᠠ ᠶᠢᠨ ᠴᠠᠭ ᠢᠶᠠᠨ ᠬᠠᠶᠠᠵᠤ᠂ ᠨᠡᠭᠦᠳᠡᠯ ᠨᠣᠮ ᠤᠨ ᠲᠡᠷᠭᠡ ᠪᠠᠷ ᠦᠴᠦᠸᠠᠨ ᠰᠢᠶᠠᠨ ᠤ ᠳ᠋ᠠ ᠴᠢᠩ ᠱᠠᠨ ᠰᠢᠶᠠᠩ ᠤᠨ ᠬᠤ᠋ ᠬᠠ ᠲᠠᠷᠢᠶᠠᠯᠠᠩ ᠤᠨ ᠲᠠᠯᠠᠪᠠᠢ ᠶᠢᠨ ᠵᠤᠭᠠᠴᠠᠯ ᠤᠨ ᠦᠵᠡᠮᠵᠢ ᠶᠢᠨ ᠣᠷᠣᠨ ᠳᠤ ᠬᠦᠷᠴᠦ᠂ ︽ᠪᠠᠶᠠᠨ ᠲᠠᠩᠰᠤᠭ ᠦᠴᠦᠸᠠᠨ᠂ ᠬᠠᠪᠤᠷ ᠤᠨ ᠲᠠᠷᠢᠶᠠᠯᠠᠭ᠎ᠠ ᠶᠢᠨ ᠬᠥᠳᠡᠯᠮᠦᠷᠢᠴᠢᠳ ᠤᠨ ᠪᠠᠶᠠᠷ︾ ᠭᠡᠬᠦ ᠭᠤᠣᠯ ᠰᠡᠳᠦᠪᠲᠦ ︽ᠤᠮᠠᠷᠠᠲᠤ ᠬᠢᠯᠢ ᠶᠢ ᠤᠩᠰᠢᠬᠤ︾ 2024 ᠣᠨ ᠤ ᠪᠦᠬᠦ ᠠᠷᠠᠳ ᠤᠨ ᠤᠩᠰᠢᠯᠭ᠎ᠠ ᠶᠢ ᠳᠡᠯᠭᠡᠷᠡᠭᠦᠯᠬᠦ ᠨᠡᠭᠦᠳᠡᠯ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ᠃ ᠠᠵᠢᠯᠯᠠᠭᠠᠨ ᠤ ᠲᠤᠬᠠᠢ ᠶᠢᠨ ᠲᠠᠯᠠᠪᠠᠶ ᠳᠤ ᠨᠣᠮ ᠤᠨ ᠰᠠᠩ ︽ᠰᠢᠨ᠎ᠡ ᠨᠣᠮ ᠤᠨ ᠦᠵᠡᠭᠦᠯᠦᠯᠭᠡ︾᠂ ᠢᠯᠠᠩᠭᠤᠶ᠎ᠠ ᠬᠥᠳᠡᠭᠡ ᠨᠤᠲᠤᠭ ᠤᠨ ᠠᠭᠤᠷ ᠠᠮᠢᠰᠬᠤᠯ ᠢᠶᠠᠷ ᠪᠢᠯᠬᠠᠮ᠎ᠠ ᠣᠷᠣᠨ ᠨᠤᠲᠤᠭ ᠤᠨ ᠲᠤᠯᠭᠤᠷ ᠪᠢᠴᠢᠭ ᠭᠠᠷᠭᠠᠵᠤ᠂ ᠳᠥᠷᠪᠡᠨ ᠵᠦᠭ ᠨᠠᠢᠮᠠᠨ ᠵᠣᠪᠬᠢᠰ ᠠᠴᠠ ᠬᠦᠷᠦᠯᠴᠡᠨ ᠢᠷᠡᠭᠰᠡᠨ ᠵᠤᠭᠠᠴᠠᠭᠰᠠᠳ ᠤᠨ ᠰᠣᠨᠢᠷᠬᠠᠯ ᠢ ᠲᠠᠲᠠᠵᠤ᠂ ᠣᠯᠠᠨ ᠢᠶᠠᠷ ᠢᠶᠠᠨ ᠠᠳᠡ ᠲᠡᠨᠳᠡ ᠵᠣᠭᠰᠣᠵᠤ᠂ ᠵᠠᠷᠢᠮ ᠨᠢ ᠨᠡᠭᠦᠳᠡᠯ ᠨᠣᠮ ᠤᠨ ᠲᠡᠷᠭᠡᠨ ᠤ ᠡᠮᠦᠨ᠎ᠡ ᠲᠣᠭᠤᠷᠢᠨ ᠰᠠᠭᠤᠵᠤ᠂ ᠵᠠᠷᠢᠮ ᠨᠢ ᠨᠡᠭᠦᠳᠡᠯ ᠨᠣᠮ ᠤᠨ ᠲᠡᠷᠭᠡᠨ ᠳᠤ ᠣᠷᠣᠵᠤ᠂ ᠥᠪᠡᠷ ᠤᠨ ᠳᠤᠷᠠᠲᠠᠢ ᠨᠣᠮ ᠢᠶᠠᠨ ᠤᠷᠪᠠᠭᠤᠯᠤᠨ ᠦᠵᠡᠨ᠎ᠡ᠃
     ᠲᠤᠰ ᠤᠳᠠᠭ᠎ᠠ ᠶᠢᠨ ᠠᠵᠢᠯᠯᠠᠭ᠎ᠠ ᠶᠢ ᠡᠷᠬᠢᠯᠡᠭᠰᠡᠡ ᠨᠢ ᠵᠤᠭᠠᠴᠠᠭᠰᠠᠳ ᠪᠣᠯᠣᠨ ᠲᠣᠰᠬᠤᠨ ᠤ ᠠᠷᠠᠳ ᠢ ᠦᠵᠡᠮᠵᠢ ᠶᠢᠨ ᠣᠷᠣᠨ ᠳᠤ ᠨᠣᠮ ᠪᠢᠴᠢᠭ ᠤᠩᠰᠢᠭᠤᠯᠤᠭᠰᠠᠨ ᠢᠶᠠᠷ ᠪᠠᠷᠠᠬᠤ ᠦᠭᠡᠢ᠂ ᠵᠤᠭᠠᠴᠠᠭᠰᠠᠳ ᠤᠨ ᠦᠴᠦᠸᠠᠨ ᠤ ᠲᠤᠬᠠᠢ ᠣᠶᠢᠯᠠᠭᠠᠯᠲᠠ ᠶᠢ ᠨᠡᠮᠡᠭᠳᠡᠭᠦᠯᠵᠦ᠂ ᠦᠴᠦᠸᠠᠨ ᠤ ᠲᠡᠦᠬᠡ ᠰᠣᠶᠣᠯ ᠢ ᠬᠠᠶᠢᠨ ᠰᠦᠪᠡᠭᠴᠢᠯᠡᠵᠦ᠂ ᠮᠠᠨ ᠤ ᠰᠢᠶᠠᠨ ᠤ ᠭᠦᠨ ᠵᠤᠵᠠᠭᠠᠨ ᠰᠣᠶᠣᠯ ᠤᠨ ᠠᠭᠤᠯᠬᠤᠨ ᠢ ᠭᠦᠢᠴᠡᠳ ᠢᠯᠡᠷᠡᠭᠦᠯᠵᠦ᠂ ᠰᠣᠶᠣᠯ ᠪᠣᠯᠣᠨ ᠵᠤᠭᠠᠴᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠤᠭᠰᠠᠨ ᠪᠠᠶᠢᠨ᠎ᠠ᠃      ᠠᠵᠢᠯᠯᠠᠭ᠎ᠠ ᠶᠢᠨ ᠬᠤᠭᠤᠴᠠᠭᠠᠨ ᠳᠤ ᠵᠤᠭᠠᠴᠠᠭᠴᠢ ᠪᠣᠯᠣᠨ ᠲᠣᠰᠬᠤᠨ ᠤ ᠠᠷᠠᠳ ᠢ ᠨᠡᠶᠢᠳᠡ 2000 ᠭᠠᠷᠤᠢ ᠬᠥᠮᠥᠨ ᠤᠳᠠᠭ᠎ᠠ ᠬᠦᠯᠢᠶᠡᠨ ᠠᠪᠴᠤ᠂ ᠥᠷᠭᠡᠨ ᠤᠯᠠᠨ ᠵᠤᠭᠠᠴᠠᠭᠴᠢ ᠪᠣᠯᠣᠨ ᠲᠤᠬᠠᠢ ᠶᠢᠨ ᠭᠠᠵᠠᠷ ᠤᠨ ᠲᠣᠰᠬᠤᠨ ᠤ ᠠᠷᠠᠳ ᠤᠨ ᠰᠠᠶᠢᠨ ᠦᠨᠡᠯᠡᠯᠲᠡ ᠶᠢ ᠣᠯᠵᠠᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号