ᠦᠴᠦᠸᠠᠨ ᠰᠢᠶᠠᠨ ︽ᠭᠤᠷᠪᠠᠳᠤᠭᠠᠷ ᠳᠡᠰ ᠤᠨ ᠭᠠᠪᠢᠶ᠎ᠠ︾ ᠪᠠᠶᠢᠭᠤᠯᠤᠭᠰᠠᠨ ᠠᠯᠪᠠᠨ ᠴᠡᠷᠢᠭ ᠤᠨ ᠭᠡᠷ ᠪᠦᠯᠢ ᠶᠢᠨ ᠬᠢᠨ ᠳᠤ ᠭᠠᠪᠢᠶ᠎ᠠ ᠪᠠᠶᠢᠭᠤᠯᠤᠭᠰᠠᠨ ᠪᠠᠶᠠᠷ ᠤᠨ ᠮᠡᠳᠡᠭᠡ ᠬᠦᠷᠭᠡᠪᠡ
ᠨᠡᠶᠢᠲᠡᠯᠡᠭᠰᠡᠨ ᠴᠠᠭ᠄
2024/5/9
     ᠭᠠᠭᠴᠠᠭᠠᠷ ᠢᠶᠠᠨ ᠭᠠᠪᠢᠶ᠎ᠠ ᠪᠠᠶᠢᠭᠤᠯᠪᠠᠯ ᠪᠦᠬᠦ ᠭᠡᠷ ᠢᠶᠠᠷ ᠢᠶᠠᠨ ᠢᠷᠠᠭᠤ ᠠᠯᠳᠠᠷ ᠲᠠᠢ ᠪᠣᠯᠣᠨ᠎ᠠ᠃ ᠰᠢᠨ᠎ᠡ ᠴᠠᠭ ᠦᠶ᠎ᠡ ᠶᠢᠨ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ᠂ ᠴᠡᠷᠢᠭ ᠠᠷᠠᠳ ᠪᠦᠯᠬᠦᠮᠳᠡᠬᠦ ᠢᠷᠠᠭᠤ ᠠᠯᠳᠠᠷᠲᠤ ᠤᠯᠠᠮᠵᠢᠯᠠᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠭᠠᠪᠢᠶᠠᠲᠠᠨ ᠵᠢᠱᠢᠶᠡᠴᠢ ᠶᠢ ᠬᠦᠨᠳᠦᠳᠬᠡᠨ ᠬᠠᠶᠢᠷᠠᠯᠠᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 5 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠯᠢ ᠮᠢᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠦᠴᠦᠸᠠᠨ ᠰᠢᠶᠠᠨ ᠤ ᠵᠠᠩ ᠵᠧᠩ ᠾᠧᠩ ᠭᠧᠦ ᠲᠣᠰᠬᠤᠨ ᠳᠤ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠠᠯᠪᠠᠨ ᠤ ᠴᠡᠷᠢᠭ ᠸᠠᠩ ᠱᠣᠸ ᠬᠤᠸᠠ ᠶᠢᠨ ᠭᠡᠷ ᠪᠦᠯᠢ ᠶᠢᠨ ᠬᠢᠨ ᠳᠤ ᠪᠠᠶᠠᠷ ᠤᠨ ᠮᠡᠳᠡᠭᠡ ᠪᠠ ᠲᠣᠬᠤᠨᠢᠭᠤᠯᠬᠤ ᠮᠥᠩᠭᠦ ᠬᠦᠷᠭᠡᠭᠰᠡᠨ ᠪᠥᠭᠡᠳ ᠭᠡᠷ ᠪᠦᠯᠢ ᠶᠢᠨ ᠬᠢᠨ  ᠳᠤᠨᠢ ᠪᠠᠶᠠᠷ ᠬᠦᠷᠭᠡᠵᠦ ᠲᠠᠯᠠᠷᠬᠠᠯ ᠢᠶᠠᠨ ᠢᠯᠡᠳᠬᠡᠪᠡ᠃
     ᠲᠤᠬᠠᠢ ᠶᠢᠨ ᠲᠠᠯᠠᠪᠠᠢ ᠳᠤ᠂ ᠯᠢ ᠮᠢᠨ ᠭᠠᠪᠢᠶ᠎ᠠ ᠪᠠᠶᠢᠭᠤᠯᠵᠤ ᠱᠠᠩᠨᠠᠯ ᠭᠥᠷᠳᠡᠭᠰᠡᠨ ᠴᠡᠷᠢᠭ ᠤᠨ ᠭᠡᠷ ᠤᠨ ᠬᠥᠮᠥᠰ ᠲᠤ ᠪᠦᠴᠡ ᠵᠡᠭᠦᠯᠭᠡᠭᠰᠡᠨ ᠪᠥᠭᠡᠳ ᠪᠠᠶᠠᠷ ᠤᠨ ᠮᠡᠳᠡᠭᠡ ᠪᠣᠯᠣᠨ ᠲᠣᠬᠤᠨᠢᠭᠤᠯᠬᠤ ᠮᠥᠩᠭᠦ ᠬᠦᠷᠭᠡᠵᠦ᠂ ᠲᠡᠳᠡᠨ ᠤ ᠴᠡᠷᠢᠭ ᠠᠩᠭᠢ᠂ ᠡᠬᠡ ᠤᠯᠤᠰ ᠲᠠᠭᠠᠨ ᠰᠢᠯᠢᠳᠡᠭ ᠴᠡᠷᠢᠭ ᠤᠨ ᠶᠠᠪᠤᠳᠠᠯ ᠤᠨ ᠴᠢᠳᠠᠪᠤᠷᠢᠲᠠᠨ ᠢ ᠬᠥᠮᠥᠵᠢᠭᠦᠯᠵᠦ ᠥᠭᠭᠦᠭᠰᠡᠨ ᠳᠤ ᠲᠠᠯᠠᠷᠬᠠᠵᠤ᠂ ᠴᠡᠷᠢᠭ ᠤᠨ ᠭᠡᠷ ᠪᠦᠯᠢ ᠶᠢᠨ ᠬᠢᠨ ᠦᠷᠭᠦᠯᠵᠢᠯᠡᠨ ᠸᠠᠩ ᠱᠤᠤ ᠬᠤᠸᠠ ᠶᠢᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠳᠠᠬᠢᠨᠲᠠ ᠢᠷᠠᠭᠤ ᠠᠯᠳᠠᠷ ᠣᠯᠬᠤ ᠪᠠᠷ ᠴᠢᠷᠮᠠᠶᠢᠬᠤ ᠶᠢ ᠵᠣᠷᠢᠭᠵᠢᠭᠤᠯᠬᠤ ᠶᠢ ᠬᠦᠰᠡᠪᠡ᠃ ᠴᠡᠷᠢᠭ ᠤᠨ ᠭᠡᠷ ᠪᠦᠯᠢ ᠶᠢᠨ ᠬᠢᠨ ᠢᠯᠡᠷᠬᠡᠶᠢᠯᠡᠬᠦ ᠳᠡᠭᠡᠨ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠪᠣᠯᠣᠨ ᠴᠡᠷᠢᠭ ᠠᠩᠭᠢ ᠶᠢᠨ ᠬᠠᠯᠠᠮᠵᠢᠯᠠᠯ ᠳᠤ ᠲᠠᠯᠠᠷᠬᠠᠵᠤ ᠪᠠᠶᠢᠨ᠎ᠠ᠂ ᠬᠤᠶᠢᠰᠢᠳᠠ ᠦᠷ᠎ᠡ ᠬᠤᠶᠢᠴᠢᠰ ᠤᠨ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠥᠩᠭᠡᠷᠡᠭᠰᠡᠨ ᠲᠠᠢ ᠪᠠᠨ ᠠᠳᠠᠯᠢ ᠪᠠᠷ ᠳᠡᠮᠵᠢᠵᠦ᠂ ᠬᠡᠦᠬᠡᠳ ᠤᠨ ᠢᠶᠠᠨ ᠤᠯᠤᠰ ᠣᠷᠣᠨ ᠪᠣᠯᠣᠨ ᠠᠷᠠᠳ ᠲᠦᠮᠡᠨ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠤᠨ᠎ᠠ ᠭᠡᠵᠡᠢ᠃      ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠴᠡᠷᠢᠭ ᠤᠨ ᠭᠡᠷ ᠪᠦᠯᠢ ᠶᠢᠨ ᠬᠢᠨ ᠤ ᠢᠷᠠᠭᠤ ᠠᠯᠳᠠᠷᠲᠤ ᠠᠭᠤᠷ ᠠᠮᠢᠰᠬᠤᠯ ᠢ ᠦᠨᠡᠨ ᠬᠦ ᠪᠤᠢ ᠪᠣᠯᠭᠠᠵᠤ᠂ ︽ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ︾ ᠬᠠᠯᠠᠭᠤᠨ ᠥᠷᠨᠢᠯᠲᠡ ᠭᠠᠷᠭᠠᠵᠤ᠂ ᠠᠯᠪᠠᠨ ᠤ ᠴᠡᠷᠢᠭ ᠤᠨ ᠤᠯᠤᠰ ᠢᠶᠠᠨ ᠬᠠᠮᠠᠭᠠᠯᠠᠬᠤ ᠤᠯᠤᠰ ᠲᠦᠷᠦ ᠶᠢᠨ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠲᠡᠳᠡᠨ ᠤ ᠢᠷᠠᠭᠤ ᠠᠯᠳᠠᠷᠲᠤ ᠰᠡᠳᠬᠢᠯᠭᠡ᠂ ᠡᠭᠦᠷᠭᠡᠲᠦ ᠰᠡᠳᠬᠢᠯᠭᠡ ᠶᠢ ᠴᠢᠩᠭᠠᠷᠠᠭᠤᠯᠬᠤ ᠶᠢᠨ ᠬᠠᠮᠲᠤ ᠰᠢᠶᠠᠨ ᠤ ᠥᠷᠭᠡᠨ ᠤᠯᠠᠨ ᠵᠠᠯᠠᠭᠤᠴᠤᠳ ᠤᠨ ᠴᠡᠷᠢᠭ ᠲᠤ ᠣᠷᠣᠵᠤ ᠤᠯᠤᠰ ᠤᠨ ᠢᠶᠠᠨ ᠲᠥᠯᠥᠭᠡ ᠵᠢᠳᠬᠦᠬᠦ ᠬᠠᠯᠠᠭᠤᠨ ᠰᠡᠳᠬᠢᠯᠭᠡ ᠶᠢ ᠬᠥᠭᠵᠢᠭᠡᠭᠰᠡᠨ ᠪᠠᠶᠢᠨ᠎ᠠ᠃ ︵ᠰᠤᠷᠪᠤᠯᠵᠢᠯᠠᠭᠴᠢ᠄ ᠫᠠᠨ ᠲᠢᠩ  ᠬᠥᠩ ᠨᠠᠨ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号