ᠦᠴᠦᠸᠠᠨ ᠰᠢᠶᠠᠨ ᠤ 2024 ᠣᠨ ᠤ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠦᠷᠦᠯ ᠵᠦᠢᠯ ᠤᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠲᠤᠬᠠᠢ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/5/9
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄    ᠲᠠᠷᠢᠶᠠᠨ ᠭᠠᠵᠠᠷ ᠢ ᠤᠯᠠᠮ ᠨᠢᠭᠡ ᠠᠯᠬᠤᠮ ᠬᠠᠮᠠᠭᠠᠯᠠᠵᠤ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠢ ᠠᠮᠢᠳᠤᠯᠢᠭ ᠪᠣᠯᠭᠠᠵᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠨᠠᠮᠳᠠᠭᠤᠯᠵᠤ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠪᠠ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠶᠢ ᠠᠬᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠪᠠᠶᠢᠭᠠᠯᠢ ᠡᠬᠢ ᠪᠠᠶᠠᠯᠢᠭ ᠦᠰᠦᠭ ﹇2022﹈ 354 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠰᠤᠳᠤᠯᠬᠤ ᠪᠠᠷ ᠳᠡᠮᠵᠢᠨ᠂ ᠦᠴᠦᠸᠠᠨ ᠰᠢᠶᠠᠨ ᠤ 2024 ᠣᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥᠯ ᠵᠦᠢᠯ ᠤᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠪᠠᠷ ᠲᠣᠭᠲᠠᠪᠠ᠂ ᠪᠣᠳᠠᠲᠠᠢ ᠪᠦᠷᠢᠯᠳᠦᠭᠦᠨ ᠵᠢᠴᠢ ᠡᠭᠦᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ ᠨᠢ ᠳᠣᠣᠷᠠᠬᠢ ᠮᠡᠲᠦ᠄    ᠨᠢᠭᠡ᠂ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ    ᠳᠤᠭᠤᠶᠢᠯᠠᠩ ᠤᠨ ᠳᠠᠷᠤᠭ᠎ᠠ᠄ ᠶᠠᠩ ᠶᠦᠩ ᠭᠠᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ    ᠳᠤᠭᠤᠶᠢᠯᠠᠩ ᠤᠨ ᠳᠡᠳ᠋ ᠳᠠᠷᠤᠭ᠎ᠠ᠄ ᠭᠦᠸᠧ ᠵᠢᠶᠠ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ    ᠯᠢᠦ ᠵᠢᠶᠠᠨ ᠶᠧ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ    ᠪᠦᠷᠢᠯᠳᠦᠭᠦᠨ᠄ ᠯᠢ ᠳ᠋ᠦᠩ ᠬᠤᠸᠠ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ    ᠸᠧᠢ ᠹᠦ᠋ ᠯᠦᠩ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ    ᠴᠧᠨ ᠶᠦᠩ ᠯᠢᠶᠠᠩ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ    ᠰᠢᠤᠸᠠᠢ ᠱᠤ᠋ ᡁᠢ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶᠠᠨ ᠤ ᠳᠠᠷᠤᠭ᠎ᠠ    ᠯᠢ ᠶᠢᠩ ᠬᠤᠸᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ    ᠶᠠᠨ ᠭᠦᠸᠧ ᠸᠧᠨ ᠬᠢᠨᠠᠨ ᠪᠤᠳᠤᠬᠤ ᠲᠣᠪᠴᠢᠶᠠᠨ ᠤ ᠳᠠᠷᠤᠭ᠎ᠠ    ᠸᠠᠩ ᠬᠤᠩ ᠯᠢᠶᠠᠩ ᠤᠰᠤᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ    ᠾᠧ ᠶᠤᠸᠠᠢ ᠠᠮᠢ ᠠᠬᠤᠢ ᠣᠷᠴᠢᠨ ᠲᠣᠭᠤᠷᠢᠨ ᠤ ᠲᠣᠪᠴᠢᠶᠠᠨ ᠤ ᠳᠠᠷᠤᠭ᠎ᠠ    ᠡᠯ᠎ᠡ ᠰᠢᠶᠠᠩ ᠪᠠᠯᠭᠠᠰᠤᠨ ᠤ ᠳᠠᠷᠤᠭ᠎ᠠ    ᠬᠤᠶᠠᠷ᠂ ᠭᠤᠣᠯ ᠡᠭᠦᠷᠭᠡ ᠬᠠᠷᠢᠭᠤᠴᠠᠯᠭ᠎ᠠ ᠵᠢᠴᠢ ᠬᠠᠮᠢᠶ᠎ᠠ ᠪᠦᠬᠦᠢ ᠱᠠᠭᠠᠷᠳᠠᠯᠭ᠎ᠠ    ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ ᠯᠢᠦ ᠵᠢᠶᠠᠨ ᠶᠧ ᠨᠥᠬᠦᠷ ᠬᠠᠪᠰᠤᠷᠭᠠᠨ ᠬᠠᠷᠢᠭᠤᠴᠠᠵᠤ᠂ ᠲᠥᠷᠥᠯ ᠵᠦᠢᠯ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠭᠤᠣᠯ ᠠᠵᠢᠯ ᠤᠨ ᠡᠭᠦᠷᠭᠡ ᠬᠠᠷᠢᠭᠤᠴᠠᠯᠭ᠎ᠠ ᠪᠣᠯ᠄ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠷᠢᠯᠴᠠᠬᠤ ᠶᠢ ᠬᠠᠷᠢᠭᠤᠴᠠᠵᠤ᠂ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ ᠲᠥᠯᠦᠪᠵᠢᠭᠦᠯᠭᠡ ᠶᠢᠨ ᠰᠠᠭᠤᠷᠢ ᠪᠠᠶᠢᠴᠠᠭᠠᠨ ᠰᠤᠳᠤᠯᠤᠯᠲᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠢᠨᠠᠨ ᠬᠠᠷᠭᠤᠭᠤᠯᠤᠨ᠎ᠠ︔ ᠲᠥᠯᠦᠪᠵᠢᠭᠦᠯᠭᠡ ᠶᠢᠨ ᠨᠠᠶᠢᠷᠠᠭᠤᠯᠤᠨ ᠵᠣᠬᠢᠶᠠᠭᠰᠠᠨ ᠪᠣᠳᠠᠲᠠᠢ ᠵᠦᠢᠯᠡᠰ ᠢ ᠨᠠᠶᠢᠳᠠᠪᠤᠷᠢᠵᠢᠭᠤᠯᠤᠨ᠎ᠠ︔ ᠬᠠᠭᠤᠴᠢᠨ ᠲᠣᠭᠤᠷᠢᠭ ᠢ ᠨᠤᠷᠠᠭᠠᠨ ᠨᠡᠭᠦᠯᠭᠡᠵᠦ ᠲᠠᠷᠢᠶᠠᠴᠢᠳ ᠢ ᠲᠥᠪᠬᠢᠨᠡᠭᠦᠯᠬᠦ᠂ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠵᠡᠷᠭᠡ ᠠᠵᠢᠯ ᠢ ᠨᠠᠶᠢᠳᠠᠪᠤᠷᠢᠵᠢᠭᠤᠯᠤᠨ᠎ᠠ︔ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ ᠲᠤᠬᠠᠶᠢᠯᠠᠭᠰᠠᠨ ᠠᠵᠢᠯ ᠢ ᠪᠡᠶᠡᠯᠡᠭᠦᠯᠦᠨ᠎ᠡ᠃    ᠬᠤᠶᠢᠰᠢᠳᠠ ᠤᠳᠤᠷᠢᠳᠬᠤ ᠳᠤᠭᠤᠶᠢᠯᠠᠩ ᠨᠢ ᠬᠤᠪᠢᠷᠠᠯᠲᠠ ᠭᠠᠷᠪᠠᠯ᠂ ᠤᠳᠤᠷᠢᠳᠬᠤ ᠳᠤᠭᠤᠶᠢᠯᠠᠩ ᠨᠢ ᠥᠪᠡᠰᠦᠪᠡᠨ ᠲᠣᠬᠢᠷᠠᠭᠤᠯᠤᠯᠲᠠ ᠬᠢᠵᠦ᠂ ᠠᠰ ᠲᠤᠨᠢ ᠪᠢᠴᠢᠭ ᠮᠠᠲ᠋ᠧᠷᠢᠶᠠᠯ ᠶᠠᠪᠤᠭᠤᠯᠬᠤ ᠦᠭᠡᠢ᠃                         ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                    2024 ᠣᠨ ᠤ 5 ᠰᠠᠷ᠎ᠠ ᠶᠢᠨ 8 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号