ᠦᠴᠦᠸᠠᠨ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ 2024 ᠣᠨ ᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠭᠤᠣᠯ ᠰᠡᠳᠦᠪᠲᠦ ᠰᠣᠶᠣᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/11
     ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠪᠣᠯ ᠮᠠᠨ ᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠮᠥᠨ᠃ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠠᠷᠠᠳ ᠣᠯᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠠᠶᠢᠨ ᠰᠠᠶᠢᠬᠠᠨ ᠰᠣᠶᠣᠯ ᠤᠨ ᠠᠭᠤᠷ ᠠᠮᠢᠰᠭᠤᠯ ᠢ ᠪᠣᠢ ᠪᠣᠯᠭᠠᠵᠤ᠂ ᠣᠯᠠᠨ ᠤ ᠤᠯᠤᠰ ᠢᠶᠠᠨ ᠬᠠᠶᠢᠷᠠᠯᠠᠬᠤ᠂ ᠦᠢᠯᠡᠰ ᠢᠶᠠᠨ ᠳᠡᠭᠡᠳᠦᠯᠡᠬᠦ᠂ ᠦᠨᠡᠨᠴᠢ ᠢᠲᠡᠭᠡᠮᠵᠢᠲᠡᠢ᠂ ᠡᠶ᠎ᠡ ᠨᠠᠶᠢᠷᠲᠠᠢ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠡᠷᠬᠢᠮᠯᠡᠬᠦ ᠶᠢ ᠬᠦᠲᠦᠯᠦᠨ ᠵᠢᠯᠤᠭᠤᠳᠬᠤ ᠶᠢᠨ ᠲᠥᠯᠥᠭᠡ᠂ ᠦᠴᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠬᠢᠯᠡᠭᠰᠡᠨ ᠭᠤᠣᠯ ᠰᠡᠳᠦᠪᠲᠦ ᠰᠣᠶᠣᠯ ᠤᠨ ᠠᠵᠢᠯᠯᠠᠭ᠎ᠠ 2024 ᠣᠨ ᠤ 6 ᠰᠠᠷ᠎ᠠ ᠶᠢᠨ 8 ᠤ ᠡᠳᠦᠷ ᠭᠠᠯ ᠪᠠᠮᠪᠠᠷ ᠠᠭᠤᠳᠠᠮ ᠲᠠᠯᠠᠪᠠᠢ ᠳᠤ ᠶᠠᠪᠤᠭᠳᠠᠪᠠ᠃
     ᠲᠤᠰ ᠤᠳᠠᠭᠠᠨ ᠤ ᠠᠵᠢᠯᠯᠠᠭ᠎ᠠ ᠨᠢ ︽ᠨᠢᠭᠡ ᠪᠠᠶᠠᠷ ᠨᠢᠭᠡ ᠦᠵᠡᠮᠵᠢ︾ ᠶᠢᠨ ᠪᠦᠲᠦᠭᠡᠯᠴᠢ ᠣᠶᠢᠯᠠᠭᠠᠭᠳᠠᠬᠤᠨ ᠲᠠᠢ ᠠᠭᠤᠰᠤᠯᠴᠠᠵᠤ᠂ ᠮᠠᠨ ᠤ ᠰᠢᠶᠠᠨ ᠤ ᠪᠠᠶᠢᠭᠠᠯᠢ ᠶᠢᠨ ᠦᠵᠡᠮᠵᠢ ᠪᠠ ᠣᠳᠣ ᠶᠢᠨ ᠪᠠᠶᠢᠭ᠎ᠠ ᠦᠵᠡᠮᠵᠢ ᠶᠢᠨ ᠵᠢᠷᠤᠭ ᠲᠥᠯᠥᠪᠯᠡᠭᠡ ᠲᠠᠢ ᠣᠷᠭᠠᠨᠢᠭ ᠢᠶᠠᠷ ᠤᠶᠠᠯᠳᠤᠭᠤᠯᠵᠤ᠂ ᠭᠠᠯ ᠪᠠᠮᠪᠠᠷ ᠠᠭᠤᠳᠠᠮ ᠲᠠᠯᠠᠪᠠᠢ ᠶᠢᠨ ᠲᠣᠭᠯᠠᠯᠲᠠ ᠶᠢᠨ ᠣᠷᠣᠨ ᠵᠠᠢ ᠶᠢᠨ ᠲᠣᠭᠤᠷᠢᠨ ᠳᠤ᠂ ᠵᠠᠮ ᠳᠠᠭᠠᠤ ᠵᠢᠷᠭᠤᠭᠠᠨ ᠶᠡᠭᠡ ᠠᠵᠢᠯᠯᠠᠭ᠎ᠠ ᠶᠢᠨ ᠲᠠᠯᠠᠪᠠᠢ ᠲᠣᠬᠢᠷᠠᠭᠤᠯᠵᠤ᠂ ︽ᠨᠢᠳᠦ ᠴᠢᠮᠡᠭᠯᠡᠬᠦ ᠶᠣᠰᠣᠯᠠᠯ︾᠂ ︽ᠰᠢᠯᠦᠭ ᠳᠠᠭᠤᠯᠠᠯ︾᠂ ︽ᠤᠷᠠᠨ ᠰᠠᠶᠢᠬᠠᠨ ᠤ ᠲᠣᠭᠯᠠᠯᠲᠠ︾᠂ ︽ᠪᠣᠳᠠᠰ ᠤᠨ ᠪᠤᠰᠤ ᠰᠣᠶᠣᠯ ᠤᠨ ᠥᠪ ᠤᠨ ᠬᠤᠲᠠ ᠶᠢᠨ ᠴᠤᠭᠯᠠᠷᠠᠯ︾᠂ ︽ᠬᠢᠲᠠᠳ ᠬᠤᠪᠴᠠᠰᠤ ᠪᠠᠷ ᠲᠣᠭᠤᠷᠢᠨ ᠵᠢᠭᠤᠯᠴᠢᠯᠠᠬᠤ︾ ᠵᠡᠷᠭᠡ ᠠᠭᠤᠯᠭ᠎ᠠ ᠶᠢ ᠬᠤᠯᠪᠣᠵᠤ᠂ ᠤᠯᠤᠰ ᠤᠨ ᠬᠥᠭᠵᠢᠮ ᠢᠶᠠᠷ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠵᠠᠩ ᠵᠠᠩᠰᠢᠯ ᠢ ᠢᠯᠡᠷᠡᠭᠦᠯᠵᠦ᠂ ᠬᠤᠲᠠ ᠶᠢᠨ ᠠᠷᠠᠳ ᠲᠤ ︽ᠴᠢᠦᠢ ᠶᠤᠸᠠᠨ ᠤ ᠵᠣᠷᠢᠭ ᠰᠠᠨᠠᠭ᠎ᠠ︾ ᠶᠢᠨ ᠳᠣᠲᠣᠷᠠᠬᠢ ᠡᠬᠡ ᠣᠷᠣᠨᠴᠢ ᠦᠵᠡᠯ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠪᠠ ᠡᠷᠢᠯᠬᠢᠯᠡᠬᠦ ᠵᠣᠷᠢᠭ ᠰᠠᠨᠠᠭ᠎ᠠ ᠶᠢ ᠣᠶᠢᠯᠠᠭᠠᠭᠤᠯᠵᠤ᠂ ︽ᠨᠢᠭᠡ ᠠᠯᠬᠤᠮ ᠨᠢᠭᠡ ᠦᠵᠡᠮᠵᠢ︾ ᠶᠢᠨ ᠦᠨᠡᠨ ᠠᠬᠤᠢ ᠮᠠᠶ᠋ᠢᠭ ᠤᠨ ᠰᠣᠶᠣᠯ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠪᠣᠶ ᠪᠣᠯᠭᠠᠪᠠ᠃      ᠲᠣᠰ ᠤᠳᠠᠭᠠᠨ ᠤ ᠠᠵᠢᠯᠯᠠᠭ᠎ᠠ ᠨᠢ ᠠᠷᠠᠳ ᠣᠯᠠᠨ ᠢ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠤᠨ ᠲᠤᠬᠠᠢ ᠨᠠᠩ ᠣᠯᠠᠨ ᠲᠠᠨᠢᠯᠲᠠ ᠲᠠᠢ ᠪᠣᠯᠭᠠᠵᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠰᠣᠶᠣᠯ ᠤᠨ ᠠᠭᠤᠯᠤᠭᠳᠠᠬᠤᠨ ᠢ ᠨᠠᠩ ᠰᠠᠶᠢᠲᠤᠷ ᠤᠯᠠᠮᠵᠢᠯᠠᠵᠤ᠂ ᠦᠨᠳᠦᠰᠦᠲᠡᠨ ᠤ ᠰᠣᠶᠣᠯ ᠢ ᠪᠠᠳᠠᠷᠠᠭᠤᠯᠤᠭᠰᠠᠨ ᠪᠥᠭᠡᠳ ᠰᠣᠶᠣᠯ ᠵᠢᠭᠤᠯᠴᠢᠯᠠᠯ ᠤᠨ ᠰᠢᠨ᠎ᠡ ᠴᠤᠭ ᠵᠢᠪᠬᠤᠭ᠎ᠠ ᠶᠢ ᠴᠤ ᠢᠯᠡᠷᠡᠭᠦᠯᠦᠭᠰᠡᠨ ᠪᠠᠶᠢᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号