ᠮᠠᠨ ᠤ ᠣᠷᠣᠨ ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2024/6/11
     ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠰᠢᠨ᠎ᠡ ᠬᠤᠪᠢᠷᠠᠯᠲᠠ ᠪᠣᠯᠣᠨ ᠠᠷᠠᠳ ᠣᠯᠠᠨ ᠤ ᠴᠢᠨᠠᠷ ᠰᠠᠶᠢᠲᠠᠢ ᠣᠷᠣᠨ ᠰᠠᠭᠤᠴᠠ ᠶᠢᠨ ᠲᠤᠬᠠᠢ  ᠬᠦᠰᠡᠯ ᠱᠠᠭᠠᠷᠳᠠᠯᠭ᠎ᠠ ᠳᠤ ᠵᠣᠬᠢᠴᠠᠭᠤᠯᠬᠤ ᠶᠢᠨ ᠲᠥᠯᠥᠭᠡ᠂ ︽ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠲᠤᠬᠠᠢ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠮᠡᠳᠡᠭᠳᠡᠯ᠂ ︽ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠠᠮᠤᠭ ᠤᠨ ᠳᠣᠣᠷ᠎ᠠ ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠤᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠲᠤᠬᠠᠢ ᠳᠤᠮᠳᠠᠳᠤ ᠤᠯᠤᠰ ᠤᠨ ᠠᠷᠠᠳ ᠤᠨ ᠪᠠᠩᠬᠢ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠦᠦ ᠮᠥᠩᠭᠦ ᠶᠢᠨ ᠨᠣᠷᠮ᠎ᠠ ᠶᠢᠨ ᠥᠪᠡᠷ ᠢ ᠪᠠᠨ ᠱᠠᠭᠠᠷᠳᠠᠬᠤ ᠲᠣᠭᠲᠠᠴᠠ ᠨᠢ ᠬᠤᠲᠠ ᠶᠢᠨ ᠪᠠᠶᠢᠳᠠᠯ ᠳᠠᠭᠠᠨ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠵᠠᠷᠴᠢᠮ ᠪᠣᠯᠣᠨ ᠡᠯ᠎ᠡ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠲᠣᠬᠢᠷᠠᠭᠤᠯᠭ᠎ᠠ ᠡᠵᠡᠮᠰᠢᠯ ᠤᠨ ᠱᠠᠭᠠᠷᠳᠠᠯᠭ᠎ᠠ ᠶᠣᠰᠣᠭᠠᠷ᠂ ᠮᠠᠨ  ᠤ ᠣᠷᠣᠨ ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠲᠦᠷᠦ ᠶᠢᠨ ᠪᠣᠳᠣᠯᠭ᠎ᠠ ᠳᠤ ᠳᠣᠣᠷᠠᠬᠢ ᠮᠡᠲᠦ ᠲᠣᠬᠢᠷᠠᠭᠤᠯᠤᠯᠲᠠ ᠬᠢᠪᠡ᠃      ᠵᠢᠭᠡᠯᠡᠯᠭᠡ ᠪᠠᠷ ᠲᠠᠸᠠᠷ ᠤᠨ ᠣᠷᠣᠨ ᠰᠠᠭᠤᠴᠠ ᠬᠤᠳᠠᠯᠳᠤᠨ ᠠᠪᠬᠤ ᠰᠠᠭᠤᠭᠠᠯᠢ ᠠᠷᠠᠳ ᠤᠨ ᠭᠡᠷ ᠪᠦᠯᠢ ᠶᠢᠨ ᠲᠦᠷᠦᠭᠦᠦ ᠢᠵᠢ ᠣᠷᠣᠨ ᠰᠠᠭᠤᠴᠠ ᠶᠢᠨ ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠢ 15 % ︵ᠤᠤᠯ ᠳᠠᠭᠠᠨ 20 % ᠪᠠᠶᠢᠪᠠ︶ ᠠᠴᠠ ᠳᠣᠣᠷ᠎ᠠ ᠪᠠᠶᠢᠯᠭᠠᠬᠤ ᠦᠭᠡᠢ ᠪᠣᠯᠭᠠᠨ ᠲᠣᠬᠢᠷᠠᠭᠤᠯᠤᠨ᠎ᠠ᠂ ᠬᠤᠶᠠᠳᠤᠭᠠᠷ ᠢᠵᠢ ᠣᠷᠣᠨ ᠰᠠᠭᠤᠴᠠ ᠶᠢᠨ ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠠᠮᠤᠭ  ᠤᠨ ᠳᠣᠣᠷ᠎ᠠ ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠢ 25 % ︵ᠤᠤᠯ ᠳᠠᠭᠠᠨ30 % ᠪᠠᠶᠢᠪᠠ︶ ᠠᠴᠠ ᠳᠣᠣᠷ᠎ᠠ ᠪᠠᠶᠢᠯᠭᠠᠬᠤ ᠦᠭᠡᠢ ᠪᠣᠯᠭᠠᠨ ᠲᠣᠬᠢᠷᠠᠭᠤᠯᠤᠨ᠎ᠠ ᠭᠡᠵᠦ ᠲᠣᠭᠲᠠᠭᠠᠪᠠ᠃      ᠲᠦᠷᠦᠭᠦᠦ ᠢᠵᠢ ᠣᠷᠣᠨ ᠰᠠᠭᠤᠴᠠ ᠪᠠ ᠬᠤᠶᠠᠳᠤᠭᠠᠷ ᠢᠵᠢ ᠣᠷᠣᠨ ᠰᠠᠭᠤᠴᠠ ᠶᠢᠨ ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠲᠥᠷᠥ ᠶᠢᠨ ᠪᠣᠳᠣᠯᠭ᠎ᠠ ᠶᠢᠨ ᠳᠣᠣᠷᠠᠳᠤ ᠬᠢᠵᠠᠭᠠᠷ ᠢ ᠬᠦᠴᠦᠨ ᠦᠭᠡᠢ ᠪᠤᠯᠭᠠᠵᠤ᠂ ᠡᠯ᠎ᠡ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠲᠣᠰ ᠪᠠᠶᠢᠭᠤᠯᠤᠮᠵᠢ ᠶᠢᠨ ᠢᠶᠠᠨ ᠡᠵᠡᠩᠨᠡᠯᠲᠡ ᠶᠢᠨ ᠪᠠᠶᠢᠳᠠᠯ᠂ ᠬᠠᠷᠢᠴᠠᠭᠠᠨ ᠤ ᠡᠷᠦᠭᠡ ᠶᠢᠨ ᠲᠦᠭᠰᠢᠭᠦᠷᠢ ᠶᠢᠨ ᠪᠠᠶᠢᠳᠠᠯ ᠵᠡᠷᠭᠡ ᠬᠦᠴᠦᠨ ᠵᠦᠢᠯ ᠲᠠᠢ ᠤᠶᠠᠯᠳᠤᠭᠤᠯᠤᠨ᠂ ᠵᠢᠭᠡᠯᠡᠯᠭᠡ ᠨᠢᠭᠡᠪᠦᠷᠢ ᠶᠢᠨ ᠪᠣᠳᠠᠲᠠᠢ ᠬᠦᠦ ᠮᠥᠩᠭᠦ ᠶᠢᠨ ᠨᠣᠷᠮ᠎ᠠ ᠶᠢᠨ ᠬᠢᠷᠢ ᠬᠡᠮᠵᠢᠶ᠎ᠡ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ ᠭᠡᠪᠡ᠃ ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠶᠢ 2024 ᠣᠨ ᠤ 6 ᠰᠠᠷ᠎ᠠ ᠶᠢᠨ 4 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号