ᠮᠠᠨ ᠤ ᠣᠷᠣᠨ ᠲᠠᠷᠢᠶᠠᠯᠠᠩ ᠤᠨ ᠪᠦᠭᠦ ᠶᠠᠪᠤᠴᠠ ᠶᠢᠨ ᠮᠠᠰᠢᠨᠴᠢᠯᠠᠭᠰᠠᠨ ᠦᠢᠯᠡᠳᠪᠦᠷᠢᠯᠡᠯ ᠤᠨ ᠵᠠᠭᠪᠤᠷ ᠢ ᠬᠦᠴᠦᠯᠡᠨ ᠲᠦᠭᠡᠮᠡᠯᠵᠢᠭᠦᠯᠵᠦ ᠪᠤᠢ
ᠨᠡᠶᠢᠲᠡᠯᠡᠭᠰᠡᠨ ᠴᠠᠭ᠄
2024/6/11
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠠᠴᠠ ᠨᠠᠭᠠᠰᠢ ᠪᠦᠭᠦ ᠣᠷᠣᠨ ᠤ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢᠨ ᠲᠤᠭ᠎ᠠ ᠬᠡᠮᠵᠢᠶ᠎ᠡ ᠦᠷᠭᠦᠯᠵᠢᠯᠡᠨ ᠨᠡᠮᠡᠭᠳᠡᠵᠦ᠂ ᠮᠠᠰᠢᠨᠴᠢᠯᠠᠯᠲᠠ ᠶᠢᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠡᠨᠡ ᠬᠦ ᠰᠠᠭᠤᠷᠢᠨ ᠳᠡᠭᠡᠷ᠎ᠡ ᠮᠠᠨ ᠤ ᠣᠷᠣᠨ ᠲᠠᠷᠢᠶᠠᠯᠠᠩ ᠤᠨ ᠪᠦᠭᠦ ᠶᠠᠪᠤᠴᠠ ᠶᠢᠨ ᠮᠠᠰᠢᠨᠴᠢᠯᠠᠭᠰᠠᠨ ᠦᠢᠯᠡᠳᠪᠦᠷᠢᠯᠡᠯ ᠤᠨ ᠵᠠᠭᠪᠤᠷ ᠢ ᠬᠦᠴᠦᠯᠡᠨ ᠲᠦᠭᠡᠮᠡᠯᠵᠢᠭᠦᠯᠵᠦ᠂ ᠲᠠᠷᠢᠶᠠᠯᠠᠩ ᠤᠨ ᠥᠪᠡᠷ ᠤᠨ ᠦᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠵᠦ ᠪᠠᠶᠢᠨ᠎ᠠ᠃      ᠤᠳᠤᠭ ᠤᠨ ᠡᠮᠦᠨᠡᠲᠦ ᠬᠤᠰᠢᠭᠤᠨ ᠤ ᠪᠣᠷᠤᠪᠠᠯᠭᠠᠰᠤ ᠶᠢᠨ ᠮᠠ ᠬᠤᠸᠠᠩ ᠲᠤᠤ ᠲᠣᠰᠬᠤᠨ ᠨᠠᠮ ᠤᠨ ᠪᠠᠶᠢᠭᠤᠯᠤᠯᠲᠠ ᠪᠠᠷ ᠵᠢᠯᠣᠭᠤᠳᠤᠯᠭ᠎ᠠ ᠪᠣᠯᠭᠠᠨ᠂ ᠲᠣᠰᠬᠤᠨ ᠤ ᠬᠠᠮᠲᠤ ᠶᠢᠨ ᠬᠤᠪᠢ ᠣᠷᠣᠭᠤᠯᠤᠭᠰᠠᠨ ᠠᠵᠤ ᠠᠬᠤᠢ ᠶᠢᠨ ᠲᠤᠰᠬᠠᠢ ᠬᠤᠷᠰᠢᠶ᠎ᠠ ᠶᠢ ᠪᠠᠶᠢᠭᠤᠯᠵᠤ᠂ ᠡᠷᠳᠡᠨᠢ ᠰᠢᠰᠢ ᠭᠤᠸᠠ ᠵᠢᠮᠢᠰ ᠢᠳᠡᠰᠢᠨ ᠨᠣᠭᠤᠭ᠎ᠠ ᠶᠢ ᠨᠢᠭᠡᠳᠦᠯᠲᠡᠢ ᠲᠠᠷᠢᠵᠤ ᠬᠤᠷᠢᠶᠠᠬᠤ᠂ ᠨᠢᠭᠡᠳᠦᠯᠲᠡᠢ ᠬᠤᠳᠠᠯᠳᠤᠨ ᠠᠪᠴᠤ ᠪᠣᠷᠣᠯᠠᠭᠤᠯᠬᠤ᠂ ᠲᠠᠷᠢᠶᠠᠯᠠᠩ ᠤᠨ ᠮᠠᠰᠢᠨ ᠤ ᠪᠦᠭᠦ ᠶᠠᠪᠤᠴᠠ ᠶᠢᠨ ᠦᠢᠯᠡᠴᠢᠯᠡᠭᠡ ᠶᠢ ᠨᠢᠭᠡᠳᠦᠯᠲᠡᠢ ᠲᠣᠬᠢᠷᠠᠭᠤᠯᠬᠤ᠂ ᠨᠢᠭᠡᠳᠦᠯᠲᠡᠢ ᠪᠠᠷ ᠲᠦᠷᠦᠯ ᠲᠡᠮᠳᠡᠭ ᠤᠨ ᠡᠵᠡᠩᠨᠡᠯᠲᠡ ᠬᠢᠬᠦ  ︽ᠳᠥᠷᠪᠡ ᠶᠢ ᠨᠢᠭᠡ ᠴᠣᠭᠴᠠᠵᠢᠭᠤᠯᠤᠭᠰᠠᠨ︾ ᠰᠢᠰᠲ᠋ᠧᠮ ᠢ ᠪᠠᠶᠢᠭᠤᠯᠵᠤ᠂ ᠲᠤᠰᠬᠤᠨ ᠤ ᠠᠷᠠᠳ  ᠤᠨ ᠢᠶᠠᠨ ᠠᠰᠢᠭ ᠤᠷᠤᠯᠭ᠎ᠠ ᠶᠢ ᠶᠡᠬᠡᠬᠡᠨ ᠨᠡᠮᠡᠭᠳᠡᠭᠦᠯᠪᠡ᠃ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠶᠠᠨᠲᠠᠯ᠎ᠠ ᠪᠠᠯᠭᠠᠰᠤ ᠶᠢᠨ ᠰᠢᠨ ᠱᠢ ᠭᠤᠸᠠᠩ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶ᠎ᠠ ︽ᠲᠠᠷᠢᠶᠠᠯᠠᠩ ᠤᠨ ᠪᠦᠭᠦ ᠶᠠᠪᠤᠴᠠ ᠶᠢᠨ ᠮᠠᠰᠢᠨᠴᠢᠯᠠᠯᠲᠠ + ᠶᠡᠷᠦᠩᠬᠡᠶᠢᠯᠡᠭᠰᠡᠨ ᠲᠠᠷᠢᠶᠠᠯᠠᠩ ᠤᠨ ᠶᠠᠪᠤᠳᠠᠯ ᠤᠨ ᠦᠢᠯᠡᠴᠢᠯᠡᠭᠡ︾   ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠬᠠᠩᠭᠠᠯᠭ᠎ᠠ ᠪᠠ ᠬᠡᠷᠡᠭᠴᠡᠭᠡ ᠬᠤᠶᠠᠷ ᠲᠠᠯ᠎ᠠ ᠶᠢᠨ ᠮᠡᠳᠡᠭᠡ ᠵᠠᠩᠭᠢ ᠶᠢ ᠳᠥᠭᠦᠮ ᠳᠥᠲᠡ ᠵᠣᠯᠭᠠᠭᠤᠯᠬᠤ ᠶᠢᠨ ᠬᠠᠮᠲᠤ ᠨᠡᠶᠢᠭᠡᠮ ᠳᠡᠭᠡᠷᠡᠬᠢ ᠰᠤᠯᠠ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠪᠡ᠃ ᠯᠢᠨᠰᠢ ᠰᠢᠶᠠᠨ ᠤ ᠲᠦᠩ ᠪᠦ᠋ ᠪᠠᠯᠭᠠᠰᠤ ᠶᠢᠨ ᠯᠢᠶᠠᠩ ᠵᠢᠶᠠᠨ ᠹᠠᠩ ᠲᠣᠰᠬᠤᠨ ᠡᠬᠢ ᠪᠠᠶᠠᠯᠢᠭ ᠢ ᠡᠳ᠋ ᠬᠥᠷᠥᠩᠭᠡ ᠪᠤᠯᠭᠠᠬᠤ᠂ ᠪᠡᠯᠡ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠤᠯᠭᠠᠬᠤ᠂ ᠮᠠᠯᠴᠢᠨ ᠲᠠᠷᠢᠶᠠᠴᠢᠨ ᠢ ᠬᠤᠪᠢ ᠣᠷᠣᠭᠤᠯᠤᠭᠴᠢ ᠪᠤᠯᠭᠠᠬᠤ ᠥᠭᠡᠷᠡᠴᠢᠯᠡᠯᠲᠡ ᠳᠤ ᠲᠦᠰᠢᠭᠯᠡᠵᠦ᠂ ᠲᠣᠰᠬᠤᠨ ᠤ ᠡᠷᠭᠢᠯᠡᠭᠰᠡᠨ ᠲᠤᠰᠬᠠᠢ ᠬᠤᠷᠰᠢᠶ᠎ᠠ ᠠᠴᠠ ᠲᠠᠷᠢᠶᠠᠯᠠᠩ ᠤᠨ ᠮᠠᠰᠢᠨ ᠲᠥᠬᠦᠭᠡᠷᠦᠮᠵᠢ ᠬᠤᠳᠠᠯᠳᠤᠨ ᠠᠪᠬᠤ᠂ ᠲᠠᠷᠢᠶᠠᠴᠢᠳ ᠤᠨ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢ ᠡᠮᠬᠢᠯᠡᠨ ᠨᠡᠶᠢᠯᠡᠭᠦᠯᠬᠦ ᠵᠡᠷᠭᠡ ᠠᠷᠭ᠎ᠠ ᠭᠡᠯᠪᠡᠷᠢ ᠪᠠᠷ ᠳᠠᠮᠵᠢᠨ ᠲᠣᠰᠬᠤᠨ ᠤ ᠪᠠᠨ ᠮᠠᠰᠢᠨ ᠢᠶᠠᠷ ᠠᠵᠢᠯᠯᠠᠬᠤ ᠳᠤ ᠲᠣᠬᠢᠷᠠᠬᠤ 8000 ᠭᠠᠷᠤᠢ ᠮᠦ ᠲᠠᠷᠢᠶᠠᠨ ᠭᠠᠵᠠᠷ ᠲᠤ ᠵᠠᠬ᠎ᠠ ᠳᠡᠯᠭᠡᠭᠦᠷ ᠤᠨ ᠦᠨ᠎ᠡ ᠬᠠᠩᠰᠢ ᠠᠴᠠ ᠳᠣᠣᠷ᠎ᠠ ᠦᠨ᠎ᠡ ᠪᠠᠷ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ᠂ ᠲᠤᠰᠬᠤᠨ ᠤ ᠠᠷᠠᠳ ᠤᠨ ᠢᠶᠠᠨ ᠠᠰᠢᠭ ᠣᠷᠣᠯᠭ᠎ᠠ ᠶᠢ ᠶᠡᠬᠡᠬᠡᠨ ᠨᠡᠮᠡᠭᠳᠡᠭᠦᠯᠪᠡ᠁      ᠲᠠᠷᠢᠶᠠᠯᠠᠩ ᠤᠨ ᠪᠦᠭᠦ ᠶᠠᠪᠤᠴᠠ ᠶᠢᠨ ᠮᠠᠰᠢᠨᠴᠢᠯᠠᠭᠰᠠᠨ ᠦᠢᠯᠡᠳᠪᠦᠷᠢᠯᠡᠯ ᠤᠨ ᠵᠠᠭᠪᠤᠷ ᠪᠣᠯ ᠲᠠᠷᠢᠶᠠᠯᠠᠩ ᠤᠨ ᠬᠥᠭᠵᠢᠯᠲᠡ ᠶᠢᠨ ᠠᠷᠭ᠎ᠠ ᠭᠡᠯᠪᠡᠷᠢ ᠶᠢ ᠬᠤᠪᠢᠷᠠᠭᠤᠯᠬᠤ᠂ ᠮᠠᠯᠵᠢᠬᠤ ᠲᠠᠷᠢᠶᠠᠯᠠᠬᠤ ᠡᠷᠦᠭᠡ ᠪᠣᠯᠣᠨ ᠤᠳᠤ ᠦᠶ᠎ᠡ ᠶᠢᠨ ᠲᠠᠷᠢᠶᠠᠯᠠᠩ ᠢ ᠣᠷᠭᠠᠨᠢᠭ ᠢᠶᠠᠷ ᠵᠣᠯᠭᠠᠭᠤᠯᠬᠤ ᠴᠢᠬᠤᠯᠠ ᠠᠷᠭ᠎ᠠ ᠵᠠᠮ ᠪᠣᠯᠣᠨ᠎ᠠ᠃ ᠪᠦᠭᠦ ᠣᠷᠣᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠨᠢ ᠣᠷᠣᠨ ᠪᠦᠰᠡ᠂ ᠠᠵᠤ ᠦᠢᠯᠡᠰ᠂ ᠲᠥᠷᠥᠯ ᠵᠦᠢᠯ ᠪᠠ ᠭᠤᠭᠴᠤᠭ᠎ᠠ ᠬᠤᠪᠢᠶᠠᠨ ᠲᠠᠷᠢᠶᠠᠯᠠᠩ ᠤᠨ ᠪᠦᠭᠦ ᠶᠠᠪᠤᠴᠠ ᠶᠢᠨ ᠮᠠᠰᠢᠨᠴᠢᠯᠠᠯᠲᠠ ᠶᠢᠨ ᠮᠡᠷᠭᠡᠵᠢᠯ ᠤᠨ ᠵᠠᠮ ᠱᠤᠭᠤᠮ᠂ ᠮᠠᠰᠢᠨ ᠲᠥᠬᠦᠭᠡᠷᠦᠮᠵᠢ ᠲᠣᠬᠢᠷᠠᠭᠤᠯᠬᠤ ᠲᠥᠰᠥᠯ᠂ ᠲᠠᠷᠢᠶᠠᠯᠠᠩ  ᠤᠨ ᠮᠠᠰᠢᠨ ᠲᠠᠷᠢᠶᠠᠯᠠᠩ ᠤᠨ ᠮᠡᠷᠭᠡᠵᠢᠯ ᠵᠢᠴᠢ ᠳᠠᠷᠢᠵᠤ ᠲᠡᠵᠢᠭᠡᠬᠦ ᠠᠷᠭ᠎ᠠ ᠭᠡᠯᠪᠡᠷᠢ ᠶᠢ ᠲᠥᠪᠯᠡᠷᠡᠭᠦᠯᠦᠨ ᠢᠵᠢ ᠪᠦᠷᠢᠳᠦᠭᠦᠯᠬᠦ ᠲᠥᠰᠥᠯ ᠢ ᠲᠣᠭᠲᠠᠭᠠᠨ ᠲᠡᠭᠦᠯᠳᠡᠷᠵᠢᠭᠦᠯᠵᠦ᠂ ᠲᠤᠬᠠᠢ ᠶᠢᠨ ᠭᠠᠵᠠᠷ ᠲᠤ ᠲᠣᠬᠢᠷᠠᠬᠤ ᠮᠠᠰᠢᠨᠴᠢᠯᠠᠭᠰᠠᠨ ᠦᠢᠯᠡᠳᠪᠦᠷᠢᠯᠡᠯ ᠤᠨ ᠵᠠᠭᠪᠤᠷ ᠢ ᠳ᠋ᠦᠩᠨᠡᠨ ᠭᠠᠷᠭᠠᠵᠤ᠂ ᠰᠤᠷᠤᠯᠴᠠᠵᠤ ᠪᠤᠯᠬᠤ ᠳᠡᠯᠭᠡᠷᠡᠭᠦᠯᠵᠦ ᠪᠤᠯᠬᠤ ᠵᠠᠭᠪᠤᠷ ᠢ ᠪᠤᠶ ᠪᠣᠯᠭᠠᠨ᠂ ᠪᠣᠬᠢᠷᠳᠤᠯ ᠦᠭᠡᠢ ᠥᠨᠳᠥᠷ ᠪᠦᠲᠦᠮᠵᠢᠲᠡᠶ᠂ ᠬᠢᠮᠳᠠ ᠪᠥᠭᠡᠳ ᠬᠡᠷᠡᠭᠵᠢᠭᠦᠯᠵᠦ ᠪᠣᠯᠬᠤᠶᠢᠴᠠ ᠲᠠᠷᠢᠶᠠᠯᠠᠩ  ᠤᠨ ᠪᠦᠭᠦ ᠶᠠᠪᠤᠴᠠ ᠶᠢᠨ ᠮᠠᠰᠢᠨᠴᠢᠯᠠᠭᠰᠠᠨ ᠦᠢᠯᠡᠳᠪᠦᠷᠢᠯᠡᠯ ᠤᠨ ᠵᠠᠭᠪᠤᠷ ᠢ ᠬᠦᠴᠦᠯᠡᠨ ᠲᠦᠭᠡᠮᠡᠯᠵᠢᠭᠦᠯᠵᠦ ᠪᠠᠶᠢᠨ᠎ᠠ
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号