ᠮᠠᠨ ᠤ ᠣᠷᠣᠨ 81 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠤᠷᠤᠭᠤᠯᠤᠯᠳᠠ ᠪᠦᠬᠦᠢ 110 ᠲᠦᠮᠡᠨ ᠺᠢᠯᠣᠸᠠᠲ ᠤᠨ ᠡᠨᠧᠷᠭᠢ ᠬᠠᠳᠠᠭᠠᠯᠠᠬᠤ ᠲᠦᠷᠦᠯ ᠵᠦᠢᠯ ᠤᠨ ᠨᠡᠷᠡᠰ ᠢ ᠨᠡᠶᠢᠲᠡᠯᠡᠪᠡ
ᠨᠡᠶᠢᠲᠡᠯᠡᠭᠰᠡᠨ ᠴᠠᠭ᠄
2024/6/12
     ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠲᠦᠷᠦᠭᠦᠬᠡᠨ ᠬᠤᠶᠠᠳᠤᠭᠠᠷ ᠪᠦᠯᠦᠭ ᠤᠨ ᠴᠠᠭᠢᠯᠭᠠᠨ ᠲᠣᠣᠷ ᠤᠨ ᠲᠠᠯ᠎ᠠ ᠶᠢᠨ ᠪᠡᠶ᠎ᠡ ᠪᠠᠨ ᠳᠠᠭᠠᠭᠠᠭᠰᠠᠨ ᠰᠢᠨ᠎ᠡ ᠭᠡᠯᠪᠡᠷᠢ ᠶᠢᠨ ᠡᠨᠧᠷᠭᠢ ᠬᠠᠳᠠᠭᠠᠯᠠᠬᠤ ᠴᠠᠭᠢᠯᠭᠠᠨ ᠥᠷᠲᠡᠭᠡᠨ ᠤ ᠵᠢᠱᠢᠶ᠎ᠡ ᠦᠵᠡᠭᠦᠯᠭᠦ ᠲᠥᠷᠥᠯ ᠵᠦᠢᠯ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ᠃      ᠨᠡᠶᠢᠲᠡᠯᠡᠭᠰᠡᠨ ᠨᠡᠷᠡᠰ ᠤᠨ ᠵᠢᠭᠰᠠᠭᠠᠯᠲᠠ ᠳᠤ ᠨᠡᠶᠢᠲᠡ 11 ᠲᠥᠷᠥᠯ ᠵᠦᠢᠯ ᠪᠠᠶᠢᠵᠤ᠂ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 110 ᠲᠦᠮᠡᠨ ᠺᠢᠯᠣᠸᠠᠲ ᠲᠤ ᠬᠦᠷᠴᠦ᠂ ᠶᠡᠷᠦᠩᠬᠡᠢ ᠪᠡᠯᠡ ᠣᠷᠣᠭᠤᠯᠤᠯᠲᠠ  ᠨᠢ ᠪᠠᠷᠤᠭ 81 ᠳ᠋ᠦᠩᠰᠢᠭᠤᠷ ᠲᠥᠭᠦᠷᠢᠭ ᠲᠤ ᠬᠦᠷᠴᠦ᠂ 2024 ᠣᠨ ᠳᠤ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠠᠶᠢᠭ᠎ᠠ ᠲᠥᠷᠥᠯ ᠵᠦᠢᠯ ᠤᠨ ᠮᠠᠰᠢᠨ ᠴᠣᠭᠴᠠᠯᠠᠪᠤᠷᠢ 90 ᠲᠦᠮᠡᠨ ᠺᠢᠯᠣᠸᠠᠲ ᠲᠤ ᠬᠦᠷᠴᠦ᠂ 2025 ᠣᠨ ᠳᠤ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠠᠶᠢᠭ᠎ᠠ ᠲᠥᠷᠥᠯ ᠵᠦᠢᠯ ᠤᠨ ᠮᠠᠰᠢᠨ ᠴᠣᠭᠴᠠᠯᠠᠪᠤᠷᠢ 20 ᠲᠦᠮᠡᠨ ᠺᠢᠯᠣᠸᠠᠲ ᠲᠤ ᠬᠦᠷᠴᠡᠢ᠃      ᠣᠷᠣᠨ ᠪᠦᠰᠡ ᠬᠤᠪᠢᠶᠠᠵᠤ ᠦᠵᠡᠪᠡᠯ᠂ ᠥᠪᠥᠷ ᠮᠣᠩᠭᠤᠯ ᠤᠨ ᠪᠠᠷᠠᠭᠤᠨ ᠪᠡᠶ᠎ᠡ ᠶᠢᠨ ᠭᠠᠵᠠᠷ ᠣᠷᠣᠨ ᠤ ᠰᠢᠨ᠎ᠡ ᠭᠡᠯᠪᠡᠷᠢ ᠶᠢᠨ ᠡᠨᠧᠷᠭᠢ ᠬᠠᠳᠠᠭᠠᠯᠠᠬᠤ ᠴᠠᠭᠢᠯᠭᠠᠨ ᠥᠷᠲᠡᠭᠡ ᠶᠢᠨ ᠵᠢᠱᠢᠶ᠎ᠡ ᠦᠵᠡᠭᠦᠯᠭᠦ ᠲᠥᠷᠥᠯ ᠵᠦᠢᠯ 7᠂ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 70 ᠲᠦᠮᠡᠨ ᠺᠢᠯᠣᠸᠠᠲ ᠲᠤ ᠬᠦᠷᠴᠦ᠂ ᠥᠪᠥᠷ ᠮᠣᠩᠭᠤᠯ ᠤᠨ ᠵᠡᠭᠦᠨ ᠪᠡᠶ᠎ᠡ ᠶᠢᠨ ᠭᠠᠵᠠᠷ ᠣᠷᠣᠨ ᠤ ᠰᠢᠨ᠎ᠡ ᠭᠡᠯᠪᠡᠷᠢ ᠶᠢᠨ ᠡᠨᠧᠷᠭᠢ ᠬᠠᠳᠠᠭᠠᠯᠠᠬᠤ ᠴᠠᠭᠢᠯᠭᠠᠨ ᠥᠷᠲᠡᠭᠡ ᠶᠢᠨ ᠵᠢᠱᠢᠶ᠎ᠡ ᠦᠵᠡᠭᠦᠯᠭᠦ ᠲᠥᠷᠥᠯ ᠵᠦᠢᠯ 4᠂ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 40 ᠲᠦᠮᠡᠨ ᠺᠢᠯᠣᠸᠠᠲ ᠲᠤ ᠬᠦᠷᠴᠡᠢ᠃ ᠲᠤᠰ ᠪᠦᠯᠦᠭ ᠲᠦᠷᠦᠯ ᠵᠦᠢᠯ ᠤᠨ ᠯᠢᠲ᠋ᠢ ᠴᠠᠭᠢᠯᠭᠠᠨ ᠴᠡᠨᠡᠭ ᠤᠨ ᠡᠨᠧᠷᠭᠢ ᠬᠠᠳᠠᠭᠠᠯᠠᠬᠤ ᠲᠥᠷᠥᠯ ᠵᠦᠢᠯ ᠤᠨ ᠮᠠᠰᠢᠨ ᠴᠣᠭᠴᠠᠯᠠᠪᠤᠷᠢ 67.75 ᠲᠦᠮᠡᠨ ᠺᠢᠯᠣᠸᠠᠲ ᠲᠤ ᠬᠦᠷᠴᠦ᠂ ᠠᠪᠴᠢᠮᠠᠯ ᠠᠭᠠᠷ ᠤᠨ ᠡᠨᠧᠷᠭᠢ ᠬᠠᠳᠠᠭᠠᠯᠠᠬᠤ ᠲᠥᠷᠥᠯ ᠵᠦᠢᠯ ᠤᠨ ᠮᠠᠰᠢᠨ ᠴᠣᠭᠴᠠᠯᠠᠪᠤᠷᠢ 20 ᠲᠦᠮᠡᠨ ᠺᠢᠯᠣᠸᠠᠲ ᠲᠤ ᠬᠦᠷᠴᠦ᠂ ᠰᠢᠩᠭᠡᠨ ᠤᠷᠤᠰᠬᠠᠯᠲᠤ ᠴᠠᠭᠢᠯᠭᠠᠨ ᠴᠡᠨᠡᠭ ᠤᠨ ᠡᠨᠧᠷᠭᠢ ᠬᠠᠳᠠᠭᠠᠯᠠᠬᠤ ᠲᠥᠷᠥᠯ ᠵᠦᠢᠯ ᠤᠨ ᠮᠠᠰᠢᠨ ᠴᠣᠭᠴᠠᠯᠠᠪᠤᠷᠢ 21.25 ᠲᠦᠮᠡᠨ ᠺᠢᠯᠣᠸᠠᠲ ᠲᠤ ᠬᠦᠷᠴᠦ᠂ ᠤᠰᠤᠲᠥ᠋ᠷᠥᠭᠴᠢ ᠪᠠᠷ ᠡᠨᠧᠷᠭᠢ ᠬᠠᠳᠠᠭᠠᠯᠠᠬᠤ ᠲᠥᠷᠥᠯ ᠵᠦᠢᠯ ᠤᠨ ᠮᠠᠰᠢᠨ ᠴᠣᠭᠴᠠᠯᠠᠪᠤᠷᠢ 1 ᠲᠦᠮᠡᠨ ᠺᠢᠯᠣᠸᠠᠲ ᠲᠤ ᠬᠦᠷᠴᠡᠢ᠃      ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠠᠴᠠ᠂ ᠡᠯ᠎ᠡ ᠠᠶᠢᠮᠠᠭ ᠬᠤᠲᠠ ᠶᠢᠨ ᠡᠨᠧᠷᠭᠢ  ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ  ᠶᠢ ᠨᠠᠶᠢᠳᠠᠪᠤᠷᠢᠵᠢᠭᠤᠯᠵᠤ᠂ ᠵᠢᠱᠢᠶ᠎ᠡ ᠦᠵᠡᠭᠦᠯᠭᠦ ᠲᠥᠷᠥᠯ ᠵᠦᠢᠯ ᠤᠨ ᠥᠮᠴᠢᠲᠡᠨ ᠢ ᠱᠠᠯᠠᠪᠳᠠᠭᠤᠯᠵᠤ ᠪᠠᠶᠢᠭᠠᠳ ᠲᠥᠷᠥᠯ ᠵᠦᠢᠯ ᠢ ᠳᠠᠩᠰᠠᠯᠠᠬᠤ ᠲᠠᠰ ᠳᠠᠷᠠᠭᠠᠯᠠᠯ ᠢ ᠲᠦᠷᠭᠡᠬᠡᠨ ᠭᠦᠢᠴᠡᠳᠬᠡᠬᠦ ᠭᠡᠷᠡᠭᠲᠡᠶ᠃ ᠴᠠᠭᠢᠯᠭᠠᠨ ᠤ ᠲᠣᠣᠷ ᠤᠨ ᠠᠵᠤ ᠠᠬᠤᠶᠢᠯᠠᠯ ᠨᠢ ᠵᠢᠱᠢᠶ᠎ᠡ ᠦᠵᠡᠭᠦᠯᠭᠦ ᠲᠥᠷᠥᠯ ᠵᠦᠢᠯ ᠤᠨ ᠲᠥᠯᠦᠪᠵᠢᠭᠦᠯᠭᠡ ᠶᠢᠨ ᠭᠠᠵᠠᠷ ᠰᠣᠩᠭᠤᠬᠤ ᠪᠠ ᠴᠠᠭᠢᠯᠭᠠᠨ ᠤ ᠲᠣᠣᠷ ᠤᠨ ᠵᠠᠯᠭᠠᠨ ᠣᠷᠣᠭᠤᠯᠬᠤ ᠨᠥᠬᠦᠴᠡᠯ ᠲᠠᠢ ᠤᠶᠠᠯᠳᠤᠭᠤᠯᠤᠨ᠂ ᠵᠢᠱᠢᠶ᠎ᠡ ᠦᠵᠡᠭᠦᠯᠭᠦ ᠲᠥᠷᠥᠯ ᠵᠦᠢᠯ ᠤᠨ ᠢᠵᠢ ᠪᠦᠷᠢᠳᠦᠭᠦᠯᠦᠨ ᠬᠦᠷᠭᠡᠵᠦ ᠭᠠᠷᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠬᠡᠨ ᠥᠷᠨᠢᠭᠦᠯᠵᠦ᠂ ᠬᠦᠷᠭᠡᠵᠦ ᠭᠠᠷᠭᠠᠬᠤ ᠢᠨᠵᠧᠨᠧᠷᠢᠩ ᠬᠢᠭᠡᠳ ᠵᠢᠱᠢᠶ᠎ᠡ ᠦᠵᠡᠭᠦᠯᠭᠦ ᠲᠥᠷᠥᠯ ᠵᠦᠢᠯ ᠢ ᠵᠡᠷᠭᠡ ᠪᠠᠷ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠬᠤ ᠭᠡᠷᠡᠭᠲᠡᠶ᠃ ᠵᠢᠱᠢᠶ᠎ᠡ ᠦᠵᠡᠭᠦᠯᠭᠦ ᠲᠥᠷᠥᠯ ᠵᠦᠢᠯ ᠤᠨ ᠦᠢᠯᠡᠰ ᠨᠢ ᠭᠤᠣᠯᠳᠠᠭᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠬᠡᠨ ᠡᠬᠢᠯᠡᠭᠦᠯᠵᠦ᠂ ᠲᠥᠷᠥᠯ ᠵᠦᠢᠯ ᠢ ᠳᠠᠩᠰᠠᠯᠠᠭᠤᠯᠬᠤ ᠵᠡᠷᠭᠡ ᠬᠠᠮᠢᠶ᠎ᠠ ᠪᠦᠬᠦᠢ ᠭᠠᠷᠳᠠᠮ ᠢ ᠪᠡᠶᠡᠯᠡᠭᠦᠯᠦᠭᠰᠡᠨ ᠤ ᠲᠠᠷᠠᠭ᠎ᠠ ᠴᠠᠭ ᠲᠤᠬᠠᠢ ᠳᠤᠨᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢᠨ ᠬᠠᠮᠲᠤ ᠪᠦᠲᠦᠭᠡᠨ ᠪᠠᠶᠢᠭᠤᠯᠬᠤ ᠪᠠᠷᠢᠯᠭ᠎ᠠ  ᠶᠢᠨ ᠬᠤᠭᠤᠴᠠᠭ᠎ᠠ ᠶᠢ ᠵᠦᠢ ᠵᠣᠬᠢᠰᠲᠠᠢ ᠲᠣᠬᠢᠷᠠᠭᠤᠯᠵᠤ᠂ ᠲᠥᠷᠥᠯ ᠵᠦᠢᠯ ᠢ ᠲᠣᠭᠲᠠᠭᠰᠠᠨ ᠴᠠᠭ ᠬᠤᠭᠤᠴᠠᠭᠠᠨ ᠳᠣᠲᠣᠷ᠎ᠠ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ᠂ ᠯᠢᠲ᠋ᠢ ᠴᠠᠭᠢᠯᠭᠠᠨ ᠴᠡᠨᠡᠭ᠂ ᠰᠢᠩᠭᠡᠨ ᠤᠷᠤᠰᠬᠠᠯᠲᠤ ᠴᠠᠭᠢᠯᠭᠠᠨ ᠴᠡᠨᠡᠭ᠂ ᠤᠰᠤᠲᠥ᠋ᠷᠥᠭᠴᠢ ᠪᠠᠷ ᠡᠨᠧᠷᠭᠢ ᠬᠠᠳᠠᠭᠠᠯᠠᠬᠤ ᠵᠡᠷᠭᠡ ᠲᠥᠷᠥᠯ ᠵᠦᠢᠯ ᠢ 2024 ᠣᠨ ᠳᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠠᠪᠴᠢᠮᠠᠯ ᠠᠭᠠᠷ ᠵᠡᠷᠭᠡ ᠪᠤᠰᠤᠳ ᠭᠡᠯᠪᠡᠷᠢ ᠶᠢᠨ ᠡᠨᠧᠷᠭᠢ ᠬᠠᠳᠠᠭᠠᠯᠠᠬᠤ ᠲᠥᠷᠥᠯ ᠵᠦᠢᠯ ᠢ 2025 ᠣᠨ ᠳᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠬᠡᠷᠡᠭᠲᠡᠢ ᠭᠡᠵᠦ ᠱᠠᠭᠠᠷᠳᠠᠪᠠ᠃      ᠡᠨᠧᠷᠭᠢ ᠬᠠᠳᠠᠭᠠᠯᠠᠬᠤ ᠰᠢᠰᠲ᠋ᠧᠮ ᠨᠢ ᠡᠨᠧᠷᠭᠢ ᠬᠠᠳᠠᠭᠠᠯᠠᠬᠤ᠂ ᠣᠨᠣᠪᠴᠢᠲᠠᠶ ᠴᠢᠳᠠᠮᠵᠢ ᠶᠢ ᠮᠥᠷᠳᠡᠬᠦ ᠵᠡᠷᠭᠡ ᠣᠨᠴᠠᠯᠢᠭ ᠲᠠᠢ ᠪᠠᠶᠢᠵᠤ᠂ ᠴᠠᠭᠢᠯᠭᠠᠨ ᠲᠣᠣᠷ ᠤᠨ ᠠᠵᠢᠯᠯᠠᠭᠠᠨ ᠤ ᠶᠠᠪᠤᠴᠠ ᠳᠠᠬᠢ ︽ᠨᠡᠭᠡᠭᠡᠬᠦ᠂ ᠭᠠᠷᠭᠠᠬᠤ᠂ ᠳᠠᠮᠵᠢᠭᠤᠯᠬᠤ᠂ ᠲᠣᠬᠢᠷᠠᠭᠤᠯᠬᠤ᠂ ᠬᠡᠷᠡᠭᠯᠡᠬᠦ᠂ ᠬᠠᠳᠠᠭᠠᠯᠠᠬᠤ︾ ᠵᠢᠷᠭᠤᠭᠠᠨ ᠵᠠᠩᠭᠢᠯᠠᠭ᠎ᠠ ᠶᠢᠨ ᠴᠢᠬᠤᠯᠠ ᠪᠦᠷᠢᠯᠳᠦᠭᠦᠨ ᠬᠡᠰᠡᠭ ᠢᠶᠠᠷ ᠦᠵᠡᠭᠳᠡᠵᠦ᠂ ᠬᠡᠷᠡᠭᠴᠡᠭᠡᠨ ᠤ ᠲᠠᠯ᠎ᠠ ᠶᠢᠨ ᠬᠠᠮᠢᠶᠠᠷᠤᠯᠲᠠ ᠶᠢ ᠪᠦᠲᠦᠮᠵᠢᠲᠡᠶ ᠪᠡᠶᠡᠯᠡᠭᠦᠯᠵᠦ᠂ ᠴᠠᠭᠢᠯᠭᠠᠨ ᠲᠣᠣᠷ ᠤᠨ ᠰᠢᠰᠲ᠋ᠧᠮ ᠤᠨ ᠠᠵᠢᠯᠯᠠᠭᠠᠨ ᠤ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠦᠨ᠂ ᠴᠠᠭᠢᠯᠭᠠᠨ ᠬᠠᠩᠭᠠᠬᠤ ᠥᠪᠡᠷ ᠤᠨ ᠥᠷᠲᠡᠭ ᠢ ᠪᠠᠭᠤᠷᠠᠭᠤᠯᠵᠤ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠪᠠᠶᠢᠭᠤᠯᠬᠤ  ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠶᠢᠨ ᠨᠢᠭᠡ ᠪᠣᠯᠣᠨ᠎ᠠ᠃      ᠡᠭᠦᠨ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠨᠢᠭᠡᠨᠲᠡ ᠨᠢᠭᠡᠳᠦᠭᠡᠷ ᠪᠦᠯᠦᠭ ᠤᠨ ᠴᠠᠭᠢᠯᠭᠠᠨ ᠲᠣᠣᠷ ᠤᠨ ᠲᠠᠯ᠎ᠠ ᠶᠢᠨ ᠪᠡᠶ᠎ᠡ ᠪᠠᠨ ᠳᠠᠭᠠᠭᠠᠭᠰᠠᠨ ᠰᠢᠨ᠎ᠡ ᠭᠡᠯᠪᠡᠷᠢ ᠶᠢᠨ ᠡᠨᠧᠷᠭᠢ ᠬᠠᠳᠠᠭᠠᠯᠠᠬᠤ ᠴᠠᠭᠢᠯᠭᠠᠨ ᠥᠷᠲᠡᠭᠡ ᠶᠢᠨ ᠵᠢᠱᠢᠶ᠎ᠡ ᠦᠵᠡᠭᠦᠯᠭᠦ ᠲᠥᠷᠥᠯ ᠵᠦᠢᠯ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠵᠦ᠂ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 187 ᠲᠦᠮᠡᠨ ᠺᠢᠯᠣᠸᠠᠲ ᠲᠤ ᠭᠦᠷᠦᠭᠰᠡᠨ 19 ᠲᠥᠷᠥᠯ ᠵᠦᠢᠯ ᠵᠢᠭᠰᠠᠭᠠᠭᠳᠠᠵᠠᠢ᠃ ᠡᠭᠦᠨ ᠳᠤ᠂ ᠯᠢᠲ᠋ᠢ ᠢᠶᠤᠨ ᠤ ᠴᠠᠭᠢᠯᠭᠠᠨ ᠴᠡᠨᠡᠭ ᠤᠨ ᠡᠨᠧᠷᠭᠢ ᠬᠠᠳᠠᠭᠠᠯᠠᠬᠤ ᠲᠦᠷᠦᠯ ᠵᠦᠢᠯ ᠤᠨ ᠮᠠᠰᠢᠨ ᠴᠣᠭᠴᠠᠯᠠᠪᠤᠷᠢ 147.25 ᠲᠦᠮᠡᠨ ᠺᠢᠯᠣᠸᠠᠲ᠂ ᠠᠪᠴᠢᠮᠠᠯ ᠠᠭᠠᠷ ᠤᠨ ᠡᠨᠧᠷᠭᠢ ᠬᠠᠳᠠᠭᠠᠯᠠᠬᠤ ᠲᠦᠷᠦᠯ ᠵᠦᠢᠯ ᠤᠨ ᠮᠠᠰᠢᠨ ᠴᠣᠭᠴᠠᠯᠠᠪᠤᠷᠢ 26ᠲᠦᠮᠡᠨ ᠺᠢᠯᠣᠸᠠᠲ᠂ ᠨᠠᠲᠷᠢ ᠢᠶᠤᠨ ᠤ ᠴᠠᠭᠢᠯᠭᠠᠨ ᠴᠡᠨᠡᠭ ᠤᠨ ᠡᠨᠧᠷᠭᠢ ᠬᠠᠳᠠᠭᠠᠯᠠᠬᠤ ᠲᠦᠷᠦᠯ ᠵᠦᠢᠯ ᠤᠨ ᠮᠠᠰᠢᠨ ᠴᠣᠭᠴᠠᠯᠠᠪᠤᠷᠢ 10.75 ᠲᠦᠮᠡᠨ ᠺᠢᠯᠣᠸᠠᠲ᠂ ᠰᠢᠩᠭᠡᠨ ᠤᠷᠤᠰᠬᠠᠯᠲᠤ ᠴᠠᠭᠢᠯᠭᠠᠨ ᠴᠡᠨᠡᠭ ᠤᠨ ᠡᠨᠧᠷᠭᠢ ᠬᠠᠳᠠᠭᠠᠯᠠᠬᠤ ᠲᠦᠷᠦᠯ ᠵᠦᠢᠯ ᠤᠨ ᠮᠠᠰᠢᠨ ᠴᠣᠭᠴᠠᠯᠠᠪᠤᠷᠢ 3 ᠲᠦᠮᠡᠨ ᠺᠢᠯᠣᠸᠠᠲ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号