ᠮᠠᠨ ᠤ ᠣᠷᠣᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠨᠥᠬᠦᠪᠦᠷᠢ ᠮᠥᠩᠭᠦ ᠶᠢ 43.64 ᠳ᠋ᠦᠩᠰᠢᠭᠤᠷ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2024/6/12
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ  ᠢᠶᠠᠷ᠂ ᠤᠳᠤ ᠪᠤᠯᠳᠠᠯ᠎ᠡ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠦᠷᠢ ᠮᠥᠩᠭᠦ ᠶᠢ 43.64 ᠳ᠋ᠦᠩᠰᠢᠭᠤᠷ ᠲᠥᠭᠦᠷᠢᠭ ᠪᠠᠭᠤᠯᠭᠠᠪᠠ᠃ ᠡᠭᠦᠨ ᠳᠤ᠂ ︽ᠲᠤᠰᠬᠠᠢ ᠲᠠᠩᠰᠠ ᠶᠢᠨ ᠰᠢᠭᠤᠳ ᠨᠡᠪᠲᠡᠷᠡᠬᠦ ᠲᠡᠷᠭᠡ︾ ᠶᠢᠨ ᠠᠷᠭ᠎ᠠ ᠭᠡᠯᠪᠡᠷᠢ ᠪᠠᠷ ᠳᠠᠮᠵᠢᠭᠤᠯᠤᠨ ᠠᠶᠢᠮᠠᠭ ᠬᠤᠲᠠ ᠳᠤ 16 ᠳ᠋ᠦᠩᠰᠢᠭᠤᠷ ᠲᠥᠭᠦᠷᠢᠭ ᠪᠠᠭᠤᠯᠭᠠᠪᠠ᠃      ᠡᠨᠡ ᠵᠢᠯ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢ ᠠᠶᠢᠮᠠᠭ ᠬᠤᠳᠠ ᠶᠢᠨ ᠱᠠᠲᠤᠨ ᠳᠤ ᠬᠠᠮᠢᠶᠠᠷᠬᠤ  ᠶᠢ ᠬᠡᠷᠡᠭᠵᠢᠭᠦᠯᠬᠦ ᠶᠢᠨ ᠬᠠᠮᠲᠤ ᠲᠦᠷᠦ ᠶᠢᠨ ᠪᠣᠳᠣᠯᠭ᠎ᠠ ᠶᠢ ᠪᠦᠭᠦ ᠣᠷᠣᠨ ᠳᠤ ᠨᠢᠭᠡᠳᠦᠯᠲᠡᠢ ᠪᠤᠯᠭᠠᠬᠤ ᠪᠠᠷ ᠭᠤᠣᠯ ᠪᠤᠯᠭᠠᠵᠤ᠂ ᠰᠠᠭᠤᠷᠢ ᠮᠥᠩᠭᠦ ᠶᠢ ᠠᠶᠢᠮᠠᠭ ᠬᠤᠳᠠ ᠶᠢᠨ ᠱᠠᠲᠤᠨ ᠳᠤ ᠨᠢᠭᠡᠳᠦᠯᠲᠡᠢ ᠬᠤᠷᠢᠶᠠᠵᠤ ᠨᠢᠭᠡᠳᠦᠯᠲᠡᠢ ᠵᠠᠷᠤᠴᠠᠭᠤᠯᠬᠤ ᠪᠠᠷ ᠰᠠᠭᠤᠷᠢ ᠪᠤᠯᠭᠠᠵᠤ᠂ ᠰᠠᠭᠤᠷᠢ ᠮᠥᠩᠭᠦᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠭᠦ ᠪᠠᠷ ᠬᠠᠷᠠᠯᠲᠠ ᠪᠤᠯᠭᠠᠵᠤ᠂ ᠮᠡᠳᠡᠭᠡ ᠵᠠᠩᠭᠢ ᠶᠢᠨ ᠰᠢᠰᠲ᠋ᠧᠮ ᠤᠨ ᠴᠢᠳᠠᠮᠵᠢ ᠶᠢ ᠲᠡᠭᠦᠯᠳᠡᠷᠵᠢᠭᠦᠯᠬᠦ ᠪᠠᠷ ᠲᠦᠰᠢᠭ ᠪᠤᠯᠭᠠᠵᠤ᠂ ᠰᠠᠭᠤᠷᠢ ᠮᠥᠩᠭᠦᠨ ᠤ ᠬᠠᠮᠢᠶᠠᠷᠤᠯᠲᠠ ᠶᠢᠨ ᠰᠢᠰᠲ᠋ᠧᠮ ᠢ ᠤᠯᠠᠮ ᠴᠢᠨᠠᠭᠰᠢᠳᠠ ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠵᠤ ᠪᠠᠶᠢᠨ᠎ᠠ᠃ ᠪᠦᠭᠦ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠭᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠥᠬᠦᠪᠦᠷᠢ ᠶᠢ ᠠᠶᠢᠮᠠᠭ ᠬᠤᠲᠠ ᠶᠢᠨ ᠱᠠᠲᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠤᠰᠬᠠᠢ ᠲᠠᠩᠰᠠ ︵︽ᠲᠤᠰᠬᠠᠢ ᠲᠠᠩᠰᠠ ᠶᠢᠨ ᠰᠢᠭᠤᠳ ᠨᠡᠪᠲᠡᠷᠡᠬᠦ ᠲᠡᠷᠭᠡ︾︶ ᠳᠤ ᠴᠠᠭ ᠲᠤᠬᠠᠢ ᠳᠤᠨᠢ ᠲᠤᠭ᠎ᠠ ᠶᠣᠰᠣᠭᠠᠷ ᠨᠢ ᠰᠢᠯᠵᠢᠭᠦᠯᠦᠨ ᠥᠭᠴᠦ᠂ ᠠᠶᠢᠮᠠᠭ ᠬᠤᠲᠠ ᠵᠢᠴᠢ ᠬᠤᠰᠢᠭᠤ ᠰᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠡᠭᠦᠷᠭᠡᠯᠡᠵᠦ ᠪᠠᠶᠢᠭ᠎ᠠ ᠡᠳ᠋ ᠤᠨ ᠵᠠᠰᠠᠭ ᠤᠨ ᠨᠥᠬᠦᠪᠦᠷᠢ ᠶᠢ ᠠᠶᠢᠮᠠᠭ ᠬᠤᠲᠠ ᠶᠢᠨ ᠱᠠᠲᠤᠨ ᠳᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠤᠰᠬᠠᠢ ᠲᠠᠩᠰᠠᠨ ᠳᠤ ᠴᠠᠭ ᠲᠤᠬᠠᠢ ᠳᠤᠨᠢ ᠲᠤᠭ᠎ᠠ ᠶᠣᠰᠣᠭᠠᠷ ᠪᠠᠭᠤᠯᠭᠠᠨ ᠥᠭᠴᠦ ᠪᠠᠶᠢᠨ᠎ᠠ᠃      ᠡᠨᠡ ᠵᠢᠯ ᠤᠨ ᠲᠦᠷᠦᠭᠦᠦ ᠤᠯᠠᠷᠢᠯ ᠳᠤ᠂ ᠪᠦᠭᠦ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 31.03 ᠳ᠋ᠦᠩᠰᠢᠭᠤᠷ ᠲᠥᠭᠦᠷᠢᠭ᠂ ᠵᠠᠷᠤᠯᠭ᠎ᠠ 26.01 ᠳ᠋ᠦᠩᠰᠢᠭᠤᠷ ᠲᠥᠭᠦᠷᠢᠭ ᠲᠤ ᠬᠦᠷᠴᠦ᠂ ᠲᠣᠰ ᠬᠤᠭᠤᠴᠠᠭᠠᠨ ᠤ ᠣᠷᠣᠯᠭ᠎ᠠ ᠵᠠᠷᠤᠯᠭ᠎ᠠ ᠶᠢᠨ ᠦᠯᠡᠳᠡᠪᠦᠷᠢ 5.02 ᠳ᠋ᠦᠩᠰᠢᠭᠤᠷ ᠲᠥᠭᠦᠷᠢᠭ ᠪᠠᠶᠢᠵᠤ᠂ ᠪᠦᠭᠦ ᠣᠷᠣᠨ ᠤ ᠬᠤᠲᠠ ᠬᠥᠳᠡᠭᠡ ᠶᠢᠨ 280.11 ᠲᠦᠮᠡᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠭᠦᠢᠴᠡᠳ ᠣᠯᠭᠤᠬᠤ ᠶᠢ ᠪᠡᠶᠡᠯᠡᠭᠦᠯᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号