︽ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ︿ᠣᠯᠠᠨ ᠬᠡᠮᠵᠢᠯᠲᠡ ᠶᠢ ᠨᠢᠭᠡᠳᠬᠡᠭᠰᠡᠨ﹀ ᠮᠡᠷᠭᠡᠵᠢᠯ ᠤᠨ ᠳᠦᠷᠢᠮ︾ ᠢ ᠨᠡᠶᠢᠲᠡᠯᠡᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/6/12
     ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠵᠣᠬᠢᠶᠠᠨ ᠪᠠᠶᠢᠭᠤᠯᠵᠤ ᠨᠠᠶᠢᠷᠠᠭᠤᠯᠤᠨ ᠲᠣᠭᠲᠠᠭᠠᠭᠰᠠᠨ︽ᠪᠠᠷᠢᠯᠭ᠎ᠠ ᠶᠢᠨ  ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ︿ᠣᠯᠠᠨ ᠬᠡᠮᠵᠢᠯᠲᠡ ᠶᠢ ᠨᠢᠭᠡᠳᠬᠡᠭᠰᠡᠨ﹀ ᠮᠡᠷᠭᠡᠵᠢᠯ ᠤᠨ ᠳᠦᠷᠢᠮ ᠲᠣᠭᠲᠠᠭᠠᠯ︾  ︵ᠳᠣᠷᠣᠭᠰᠢ ︽ᠳᠦᠷᠢᠮ ᠲᠣᠭᠲᠠᠭᠠᠯ︾ ᠭᠡᠵᠦ ᠲᠣᠪᠴᠢᠯᠠᠨ᠎ᠠ︶ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠠᠯᠪᠠᠨ ᠵᠠᠷ︾ ᠢᠶᠠᠷ ᠵᠥᠪᠰᠢᠶᠡᠷᠡᠭᠦᠯᠦᠨ ᠨᠡᠶᠢᠲᠡᠯᠡᠵᠦ᠂ 2024 ᠣᠨ ᠤ 7 ᠰᠠᠷ᠎ᠠ ᠶᠢᠨ 1 ᠠᠴᠠ ᠵᠢᠩᠬᠢᠨᠢ ᠪᠠᠷ ᠬᠡᠷᠡᠭᠵᠢᠭᠦᠯᠬᠦ ᠪᠠᠷ ᠪᠤᠢ᠃      ︽ᠳᠦᠷᠢᠮ ᠲᠣᠭᠲᠠᠭᠠᠯ︾ ᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠬᠢᠨᠠᠨ ᠵᠥᠪᠰᠢᠶᠡᠷᠡᠬᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠪᠠᠷᠢᠯᠭ᠎ᠠ ᠳᠠᠭᠤᠰᠴᠤ ᠰᠢᠯᠭᠠᠨ ᠪᠠᠶᠢᠴᠠᠭᠠᠬᠤ ᠪᠠ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠱᠠᠲᠤᠨ ᠳᠤ ᠱᠠᠭᠠᠷᠳᠠᠭᠰᠠᠨ ᠬᠡᠮᠵᠢᠨ ᠵᠢᠷᠤᠬᠤ ᠦᠢᠯᠡᠴᠢᠯᠡᠭᠡ ᠳᠤ ᠬᠡᠷᠡᠭᠯᠡᠨ᠎ᠡ᠃ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠵᠡᠷᠭᠡ ᠪᠠᠷᠢᠯᠭ᠎ᠠ ︵ᠣᠨᠴᠠᠭᠠᠢ ᠪᠠᠷᠢᠯᠭ᠎ᠠ ᠪᠠ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠡᠨᠧᠷᠭᠢ ᠵᠡᠷᠭᠡ ᠬᠦᠷᠢᠶ᠎ᠡ ᠴᠠᠷᠠᠭ᠎ᠠ ᠶᠢᠨ ᠴᠢᠬᠤᠯᠠ ᠶᠡᠭᠡ ᠪᠠᠷᠢᠯᠭ᠎ᠠ ᠪᠠᠭᠲᠠᠬᠤ ᠦᠭᠡᠢ︶ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠶᠢᠭᠤᠯᠬᠤ ᠵᠥᠪᠰᠢᠶᠡᠷᠡᠯ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠪᠠᠶᠢᠴᠠᠭᠠᠬᠤ ᠶᠠᠪᠤᠴᠠ ᠳᠤ ᠬᠡᠮᠵᠢᠨ ᠵᠢᠷᠤᠭᠰᠠᠨ ᠲᠤᠭ᠎ᠠ ᠪᠠᠷᠢᠮᠲᠠ ᠶᠢ ᠣᠯᠬᠤ᠂ ᠰᠢᠢᠳᠪᠦᠷᠢᠯᠡᠬᠦ ᠮᠡᠷᠭᠡᠵᠢᠯ ᠤᠨ ᠠᠷᠭ᠎ᠠ᠂ ᠨᠠᠷᠢᠯᠢᠬᠴᠠ ᠶᠢᠨ ᠱᠠᠭᠠᠷᠳᠠᠯᠭ᠎ᠠ᠂ ᠦᠷ᠎ᠡ ᠪᠦᠲᠦᠭᠡᠯ ᠤᠨ ᠶᠠᠰᠤ ᠴᠢᠨᠠᠷ ᠪᠠ ᠲᠤᠰᠢᠶᠠᠬᠤ ᠮᠠᠲ᠋ᠧᠷᠢᠶᠠᠯ ᠵᠡᠷᠭᠡ ᠠᠭᠤᠯᠭ᠎ᠠ ᠶᠢ ᠲᠣᠭᠲᠠᠭᠠᠪᠠ᠃      ︽ᠳᠦᠷᠢᠮ ᠲᠣᠭᠲᠠᠭᠠᠯ︾ ᠤᠨ ᠬᠡᠷᠡᠭᠵᠢᠭᠦᠯᠦᠯᠲᠡ ᠨᠢ ᠥᠪᠡᠷᠲᠡᠭᠡᠨ ᠵᠠᠰᠠᠬᠤ ᠣᠷᠣᠨ ᠤ ︽ᠣᠯᠠᠨ ᠬᠡᠮᠵᠢᠯᠲᠡ ᠶᠢ ᠨᠢᠭᠡᠳᠬᠡᠬᠦ︾ ᠥᠭᠡᠷᠡᠴᠢᠯᠡᠯᠲᠡ ᠶᠢᠨ ᠬᠠᠮᠢᠶᠠᠷᠤᠯᠲᠠ ᠶᠢᠨ ᠳᠦᠷᠢᠮ ᠢ ᠤᠯᠠᠮ  ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ︽ᠣᠯᠠᠨ ᠬᠡᠮᠵᠢᠯᠲᠡ ᠶᠢ ᠨᠢᠭᠡᠳᠬᠡᠬᠦ︾ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠵᠢᠷᠤᠮᠵᠢᠭᠤᠯᠵᠤ᠂ ᠤᠯᠤᠰ ᠤᠨ ᠠᠵᠤ ᠦᠢᠯᠡᠳᠪᠦᠷᠢ ᠶᠢᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ︽ᠠᠳᠠᠯᠢ ᠬᠠᠷᠠᠯᠲᠠ ᠪᠣᠳᠠᠰ ᠢ ᠨᠢᠭᠡ ᠯᠡ ᠤᠳᠠᠭ᠎ᠠ ᠬᠡᠮᠵᠢᠬᠦ︾ ᠬᠡᠮᠵᠢᠨ ᠵᠢᠷᠤᠬᠤ ᠱᠠᠭᠠᠷᠳᠠᠯᠭ᠎ᠠ ᠶᠢ ᠬᠠᠩᠭᠠᠵᠤ᠂ ︽ᠨᠢᠭᠡ ᠤᠳᠠᠭ᠎ᠠ ᠨᠠᠶᠢᠳᠠᠵᠤ᠂ ᠬᠠᠮᠲᠤᠷᠠᠨ ᠬᠡᠮᠵᠢᠨ ᠵᠢᠷᠤᠭᠯᠠᠵᠤ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ︾ ᠬᠡᠮᠵᠢᠨ ᠵᠢᠷᠤᠬᠤ ᠦᠢᠯᠡᠴᠢᠯᠡᠭᠡ ᠬᠢᠭᠡᠳ ᠬᠠᠮᠢᠶᠠᠷᠤᠯᠲᠠ ᠶᠢᠨ ᠵᠠᠭᠪᠤᠷ ᠢ ᠪᠡᠶᠡᠯᠡᠭᠦᠯᠦᠨ᠂ ᠥᠪᠡᠷᠲᠡᠭᠡᠨ ᠵᠠᠰᠠᠬᠤ ᠣᠷᠣᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠪᠠ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠪᠠᠲᠤ ᠴᠢᠩᠭ᠎ᠠ ᠮᠡᠷᠭᠡᠵᠢᠯ ᠤᠨ ᠪᠠᠲᠤᠯᠠᠭ᠎ᠠ ᠬᠠᠩᠭᠠᠬᠤ ᠪᠣᠯᠣᠨ᠎ᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号