ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠵᠢᠴᠢ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠠᠬᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠲᠤᠰᠬᠠᠢ ᠵᠢᠭᠰᠠᠭᠠᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/6/13
     ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠳᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠴᠦ ᠲᠣᠭᠲᠠᠭᠰᠠᠨ ᠬᠤᠭᠤᠴᠠᠭᠠᠨ ᠳᠠᠭᠠᠨ ᠶᠠᠪᠤᠭᠳᠠᠪᠠ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠨᠡᠨᠬᠦ ᠬᠠᠮᠠᠭᠠᠯᠠᠵᠤ᠂ ᠥᠷᠭᠡᠨ ᠣᠯᠠᠨ ᠰᠢᠯᠭᠠᠭᠤᠯᠤᠭᠴᠢ ᠶᠢᠨ ᠢᠳᠡᠭᠡᠨ ᠤᠮᠳᠠᠭᠠᠨ ᠤ ᠠᠮᠤᠷ ᠲᠣᠪᠰᠢᠨ ᠢ ᠪᠠᠲᠤᠯᠠᠬᠤ ᠶᠢᠨ ᠲᠥᠯᠥᠭᠡ᠂ 6 ᠰᠠᠷ᠎ᠠ ᠶᠢᠨ 5 ᠤ ᠡᠳᠦᠷ ᠠᠴᠠ ᠨᠠᠰᠢ᠂ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠤᠨ ᠢᠳᠡᠭᠡᠨ ᠤ ᠠᠮᠤᠷ ᠲᠣᠪᠰᠢᠨ᠂ ᠦᠨ᠎ᠡ ᠬᠠᠩᠰᠢ ᠶᠢᠨ ᠲᠣᠭᠲᠠᠭᠤᠨ ᠡᠵᠡᠮᠰᠢᠯ ᠵᠢᠴᠢ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠲᠠᠯᠠᠪᠠᠢ ᠶᠢᠨ ᠡᠷᠭᠢᠨ ᠲᠣᠭᠤᠷᠢᠨ ᠤ ᠳᠥᠭᠦᠮ ᠳᠡᠯᠭᠡᠭᠦᠷ᠂ ᠬᠤᠭᠤᠯᠠᠨ ᠭᠡᠷ ᠤᠨ ᠢᠳᠡᠭᠡᠨ ᠤ ᠠᠮᠤᠷ ᠲᠣᠪᠰᠢᠨ ᠵᠡᠷᠭᠡ ᠲᠠᠯ᠎ᠠ ᠪᠠᠷ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠬᠦᠷᠢᠶᠡᠨ ᠳᠠᠬᠢ ᠲᠤᠰᠭᠠᠢ ᠪᠠᠶᠢᠴᠠᠭᠠᠯᠲᠠ ᠶᠢ ᠥᠷᠨᠢᠭᠦᠯᠪᠡ᠃      ᠪᠠᠶᠢᠴᠠᠭᠠᠯᠲᠠ ᠶᠢᠨ ᠳᠤᠮᠳᠠ᠂ ᠮᠠᠨ ᠤ ᠲᠣᠪᠴᠢᠶ᠎ᠠ ᠶᠢᠨ ᠠᠵᠢᠯᠲᠠᠨ ᠨᠢᠭᠡ ᠳᠤ ᠢᠳᠡᠭᠡᠨ ᠤ ᠠᠮᠤᠷ ᠲᠦᠪᠰᠢᠨ ᠤ ᠬᠡᠮ ᠰᠣᠭᠤᠭ ᠢ ᠴᠢᠩᠭ᠎ᠠ ᠪᠠᠶᠢᠴᠠᠭᠠᠵᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠢᠳᠡᠭᠡᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠣᠨᠴᠠᠯᠢᠭ ᠲᠠᠢ ᠤᠶᠠᠯᠳᠤᠭᠤᠯᠤᠨ᠂ ᠪᠠᠶᠠᠷ ᠤᠨ ᠡᠳᠦᠷ ᠤᠨ ᠬᠡᠷᠡᠭᠯᠡᠭᠡᠨ ᠤ ᠬᠡᠮᠵᠢᠶ᠎ᠡ ᠪᠠᠷ ᠶᠡᠭᠡ ᠽᠦᠩᠽᠢ᠂ ᠪᠣᠭᠤᠷᠰᠤᠭ᠂ ᠬᠥᠯᠳᠡᠭᠡᠵᠦ ᠬᠠᠳᠠᠭᠠᠯᠠᠬᠤ ᠢᠳᠡᠭᠡᠨ ᠢᠶᠠᠷ ᠭᠤᠣᠯᠳᠠᠯᠭ᠎ᠠ ᠲᠠᠢ ᠲᠥᠷᠥᠯ ᠵᠦᠢᠯ ᠪᠣᠯᠭᠠᠵᠤ᠂ ᠰᠢᠶᠠᠨ ᠤ ᠳᠣᠲᠣᠷᠠᠬᠢ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠵᠢᠴᠢ ᠶᠦᠩ ᠱᠧᠩ ᠴᠧᠩ ᠵᠡᠷᠭᠡ 5 ᠲᠣᠮᠣ ᠬᠡᠯᠪᠡᠷᠢ ᠶᠢᠨ ᠬᠡᠲᠦ ᠳᠡᠯᠭᠡᠭᠦᠷ ᠢᠶᠠᠷ ᠭᠤᠣᠯᠳᠠᠯᠭ᠎ᠠ ᠲᠠᠢ ᠲᠠᠯᠠᠪᠤᠷ ᠪᠣᠯᠭᠠᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠡᠵᠡᠩᠨᠡᠯᠲᠡ ᠶᠢᠨ ᠬᠢᠷᠢ ᠬᠡᠮ᠂ ᠡᠵᠡᠩᠨᠡᠯᠲᠡ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ᠂ ᠪᠠᠷᠠᠭ᠎ᠠ ᠣᠷᠣᠭᠤᠯᠬᠤ ᠡᠬᠡ ᠲᠠᠩᠰᠠ ᠶᠢ ᠳᠡᠩᠰᠡᠯᠡᠨ ᠲᠡᠮᠳᠡᠭᠯᠡᠭᠰᠡᠨ ᠵᠡᠷᠭᠡ ᠪᠠᠶᠢᠳᠠᠯ ᠢ ᠵᠢᠭᠰᠠᠭᠠᠨ ᠪᠠᠶᠢᠴᠠᠭᠠᠭᠰᠠᠨ ᠪᠥᠭᠡᠳ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠰᠢᠮᠳᠠᠭᠤᠯᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠠᠵᠢᠯᠯᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠢ ᠡᠵᠡᠩᠨᠡᠬᠦ ᠶᠢ ᠪᠡᠶᠡᠯᠡᠭᠦᠯᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠪᠠ᠃
     ᠬᠤᠶᠠᠷ ᠲᠤ᠂ ᠦᠴᠦᠸᠠᠨ ᠰᠢᠶᠠᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠢᠳᠡᠭᠡᠨ ᠤᠮᠳᠠᠭᠠᠨ ᠤ ᠳᠡᠯᠭᠡᠭᠦᠷ᠂ ᠢᠳᠡᠭᠡᠨ ᠤ ᠲᠥᠬᠦᠮ ᠳᠡᠯᠭᠡᠭᠦᠷ ᠤᠨ ᠭᠡᠷᠡᠴᠢ ᠪᠠᠷᠢᠮᠲᠠ ᠠᠪᠬᠤ᠂ ᠠᠵᠢᠯ ᠡᠷᠬᠢᠯᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠲᠦᠭᠦᠬᠡᠢ ᠮᠠᠲ᠋ᠧᠷᠢᠶᠠᠯ ᠪᠠ ᠲᠤᠰᠠᠯᠠᠬᠤ ᠮᠠᠲ᠋ᠧᠷᠢᠶᠠᠯ ᠤᠨ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠢᠳᠡᠭᠡᠨ ᠡᠳ᠋ᠰᠢᠭᠦᠯᠬᠦ ᠠᠵᠢᠯᠯᠠᠭ᠎ᠠ᠂ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ᠂ ᠲᠠᠯᠠᠪᠤᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠷᠢᠨ ᠨᠢᠮᠪᠠᠢ ᠵᠢᠭᠰᠠᠭᠠᠨ ᠪᠠᠶᠢᠴᠠᠭᠠᠭᠰᠠᠨ ᠪᠥᠭᠡᠳ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ 12 ᠢᠳᠡᠭᠡᠨ ᠤᠮᠳᠠᠭᠠᠨ ᠤ ᠳᠡᠯᠭᠡᠭᠦᠷ᠂ 4 ᠲᠥᠬᠦᠮ ᠳᠡᠯᠭᠡᠭᠦᠷ ᠢ ᠰᠢᠮᠳᠠᠭᠤᠯᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠥᠷᠨᠢᠭᠦᠯᠵᠦ᠂ ᠠᠶᠤᠯ ᠲᠦᠭᠰᠢᠭᠦᠷᠢ ᠶᠢᠨ ᠬᠡᠮ ᠰᠣᠭᠤᠭ ᠢ ᠴᠠᠭ ᠲᠤᠬᠠᠢ ᠳᠤᠨᠢ ᠴᠡᠭᠴᠡᠯᠡᠨ ᠰᠢᠮᠳᠠᠭᠤᠯᠵᠤ᠂ ᠥᠷᠭᠡᠨ ᠣᠯᠠᠨ ᠪᠠᠭᠰᠢ ᠰᠤᠷᠤᠭᠴᠢᠳ ᠲᠤ ᠰᠠᠨᠠᠭ᠎ᠠ ᠠᠮᠤᠷ ᠠᠮᠤᠷ ᠲᠦᠪᠰᠢᠨ ᠢᠳᠡᠭᠡᠨ ᠤ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ ᠥᠭᠪᠡ᠃
     ᠭᠤᠷᠪᠠ ᠳᠤ᠂ ᠦᠨ᠎ᠡ ᠬᠠᠩᠰᠢ ᠶᠢᠨ ᠲᠠᠯ᠎ᠠ ᠪᠠᠷ ᠬᠠᠤᠯᠢ ᠠᠴᠠ ᠵᠥᠷᠢᠴᠡᠭᠰᠡᠨ ᠢ ᠴᠢᠩᠭ᠎ᠠ ᠪᠠᠶᠢᠴᠠᠭᠠᠵᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠪᠠ ᠶᠡᠭᠡ ᠳᠡᠭᠡᠳᠦ‌‍ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠬᠤᠭᠤᠴᠠᠭᠠᠨ ᠳᠠᠬᠢ ᠽᠦᠩᠽᠢ᠂ ᠪᠢᠴᠢᠭ ᠤᠨ ᠬᠡᠷᠡᠭᠰᠡᠯ ᠵᠡᠷᠭᠡ ᠬᠡᠷᠡᠭᠯᠡᠭᠡᠨ ᠤ ᠬᠠᠯᠠᠭᠤᠨ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ᠂ ᠬᠡᠲᠦ ᠳᠡᠯᠭᠡᠭᠦᠷ᠂ ᠢᠳᠡᠭᠡᠨ ᠤᠮᠳᠠᠭᠠᠨ᠂ ᠪᠢᠴᠢᠭ ᠤᠨ ᠬᠡᠷᠡᠭᠰᠡᠯ ᠤᠨ ᠳᠡᠯᠭᠡᠭᠦᠷ ᠵᠡᠷᠭᠡ 20 ᠭᠠᠷᠤᠢ ᠭᠤᠣᠯᠳᠠᠯᠭ᠎ᠠ ᠲᠠᠢ ᠲᠠᠯᠠᠪᠤᠷ ᠲᠤ ᠪᠠᠷᠠᠭᠠᠨ ᠤ ᠦᠨ᠎ᠡ ᠶᠢ ᠳᠦᠷᠭᠢᠯᠳᠦᠨ ᠥᠰᠬᠡᠭᠰᠡᠨ ᠡᠰᠡᠬᠦ᠂ ᠲᠣᠭᠲᠠᠭᠠᠯ ᠶᠣᠰᠣᠭᠠᠷ ᠦᠨ᠎ᠡ ᠬᠠᠩᠰᠢ ᠶᠢ ᠢᠯᠡ ᠲᠡᠮᠳᠡᠭᠯᠡᠭᠰᠡᠨ ᠦᠭᠡᠢ᠂ ᠦᠨ᠎ᠡ ᠬᠠᠩᠰᠢ ᠶᠢᠨ ᠮᠡᠬᠡᠯᠡᠯ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠢᠷᠤᠮᠵᠢᠭᠤᠯᠤᠨ ᠪᠠᠶᠢᠴᠠᠭᠠᠪᠠ᠃
     ᠳᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠳᠠᠭᠠᠨ ᠰᠠᠭᠤᠷᠢᠯᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠪᠣᠯᠣᠨ ᠬᠡᠷᠡᠭᠯᠡᠭᠡᠨ ᠤ ᠰᠠᠨᠠᠭᠤᠯᠤᠮᠵᠢ ᠵᠡᠷᠭᠡ ᠠᠵᠢᠯ ᠢ ᠰᠠᠶᠢᠲᠤᠷ ᠬᠢᠵᠦ᠂ ᠲᠥᠪ ᠭᠤᠣᠯᠴᠢ ᠡᠮᠬᠢ ᠵᠢᠷᠤᠮ ᠲᠠᠢ ᠬᠡᠷᠡᠭᠯᠡᠭᠡᠨ ᠤ ᠣᠷᠴᠢᠨ ᠲᠣᠭᠤᠷᠢᠨ ᠢ ᠦᠨᠡᠨᠬᠦ ᠬᠠᠮᠠᠭᠠᠯᠠᠵᠤ᠂ ᠪᠦᠬᠦ ᠰᠢᠶᠠᠨ ᠤ ᠤᠯᠠᠨ ᠲᠦᠮᠡᠨ ᠳᠤ ᠰᠠᠨᠠᠭ᠎ᠠ ᠠᠮᠤᠷ ᠲᠠᠭᠠᠯᠠᠮᠵᠢᠲᠠᠢ ᠬᠡᠷᠡᠭᠯᠡᠭᠡᠨ ᠤ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号