ᠦᠴᠦᠸᠠᠨ ᠰᠢᠶᠠᠨ ᠠᠷᠪᠠᠨ ᠳᠣᠯᠣᠳᠤᠭᠠᠷ ︽6.9︾  ᠤ ᠣᠯᠠᠨ ᠤᠯᠤᠰ ᠤᠨ ᠳᠠᠩᠰᠠ ᠡᠪᠬᠡᠮᠡᠯ ᠤᠨ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2024/6/13
     6 ᠰᠠᠷ᠎ᠠ ᠶᠢᠨ 12 ᠤᠨ ᠡᠳᠦᠷ᠂ ᠦᠴᠦᠸᠠᠨ ᠰᠢᠶᠠᠨ ᠤ ᠲᠠᠩᠰᠠ ᠡᠪᠬᠡᠮᠡᠯ ᠤᠨ ᠲᠣᠪᠴᠢᠶ᠎ᠠ᠂ ᠦᠴᠦᠸᠠᠨ ᠰᠢᠶᠠᠨ ᠤ ᠲᠠᠩᠰᠠ ᠡᠪᠬᠡᠮᠡᠯ ᠤᠨ ᠣᠷᠳᠣᠨ᠂ ᠦᠴᠦᠸᠠᠨ ᠰᠢᠶᠠᠨ ᠤ ᠤᠯᠠᠭᠠᠨᠮᠥ᠋ᠴᠢᠷ ᠠᠴᠠ ᠬᠠᠮᠲᠤᠷᠠᠨ ᠥᠷᠨᠢᠭᠦᠯᠦᠭᠰᠡᠨ ᠠᠷᠪᠠᠨ ᠳᠣᠯᠣᠳᠤᠭᠠᠷ ︽6 · 9︾ ᠤ ᠣᠯᠠᠨ ᠤᠯᠤᠰ ᠤᠨ ᠲᠠᠩᠰᠠ ᠡᠪᠬᠡᠮᠡᠯ ᠤᠨ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠮᠠᠨ ᠤ ᠰᠢᠶᠠᠨ ᠤ ᠰᠢᠨ᠎ᠡ ᠳᠡᠯᠡᠬᠡᠢ ᠲᠠᠯᠠᠪᠠᠶ ᠳᠤ ᠶᠠᠪᠤᠭᠳᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠶᠠᠨ ᠤ ᠤᠯᠠᠭᠠᠨᠮᠥ᠋ᠴᠢᠷ ᠤᠨ ᠲᠣᠭᠯᠠᠭᠴᠢᠳ ᠦᠨᠳᠦᠰᠦᠲᠡᠨ ᠤ ᠬᠤᠪᠴᠠᠰᠤ ᠵᠠᠰᠠᠯ ᠡᠮᠦᠰᠴᠦ᠂ ᠣᠷᠭᠢᠯᠤᠮ᠎ᠠ ᠬᠠᠯᠠᠭᠤᠨ ᠰᠡᠳᠬᠢᠯᠭᠡ ᠪᠠ ᠤᠷᠠᠨ ᠨᠠᠷᠢᠯᠢᠭ ᠤᠷ᠎ᠠ ᠮᠡᠷᠭᠡᠵᠢᠯ ᠢᠶᠠᠷ ᠢᠶᠠᠨ ᠡᠩ ᠲᠡᠷᠢᠭᠦᠨ ᠳᠤ ᠦᠵᠡᠭᠴᠢᠳ ᠲᠤ ᠨᠢᠭᠡ ᠤᠳᠠᠭᠠᠨ ᠤ ᠪᠠᠶᠠᠯᠢᠭ ᠰᠠᠶᠢᠬᠠᠨ ᠦᠵᠡᠵᠦ ᠰᠣᠨᠣᠰᠬᠤ ᠦᠪᠡᠳᠡᠭᠰᠢ ᠳᠠᠶᠢᠯᠠᠯᠭ᠎ᠠ ᠶᠢ ᠠᠪᠴᠢᠷᠠᠵᠤ ᠥᠭᠪᠡ᠃      ᠲᠣᠭᠯᠠᠯᠲᠠ ᠶᠢᠨ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠲᠤᠬᠠᠢ ᠶᠢᠨ ᠲᠠᠯᠠᠪᠤᠷ ᠲᠤ ᠲᠠᠩᠰᠠ ᠡᠪᠬᠡᠮᠡᠯ ᠤᠨ ᠤᠬᠠᠭᠤᠯᠭ᠎ᠠ ᠶᠢᠨ ᠤᠭᠤᠲᠠ ᠪᠠ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠲᠠᠩᠰᠠ ᠡᠪᠬᠡᠮᠡᠯ ᠤᠨ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠲᠤᠬᠠᠢ ᠶᠢᠨ ᠲᠠᠯᠠᠪᠤᠷ ᠲᠤ ᠲᠠᠩᠰᠠ ᠡᠪᠬᠡᠮᠡᠯ ᠤᠨ ᠲᠠᠯ᠎ᠠ ᠪᠠᠷ ᠬᠢ ᠵᠥᠪᠯᠡᠯᠭᠡ ᠥᠭᠬᠦ ᠠᠰᠠᠭᠤᠯᠲᠠ ᠶᠢ ᠬᠠᠷᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ᠨᠢᠭᠡ ᠤᠳᠠᠭᠠᠨ ᠤ ᠲᠠᠩᠰᠠ ᠡᠪᠬᠡᠮᠡᠯ ᠤᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠥᠵᠢᠯ ᠬᠢᠵᠣ᠂ ᠥᠷᠭᠡᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠲᠠᠩᠰᠠ ᠡᠪᠬᠡᠮᠡᠯ ᠤᠨ ᠡᠳᠦᠷ ᠲᠤᠲᠤᠮ ᠤᠨ ᠠᠮᠢᠳᠤᠷᠠᠯ ᠳᠠᠬᠢ ᠠᠴᠢ ᠬᠤᠯᠪᠣᠭᠳᠠᠯ ᠪᠠ ᠦᠢᠯᠡᠳᠦᠯ ᠢ ᠲᠠᠨᠢᠭᠤᠯᠵᠤ᠂ ᠲᠠᠩᠰᠠ ᠡᠪᠬᠡᠮᠡᠯ ᠤᠨ ᠤᠬᠠᠮᠰᠠᠷ ᠢ ᠴᠢᠩᠭᠠᠷᠠᠭᠤᠯᠤᠨ᠂ ᠣᠯᠠᠨ ᠲᠦᠮᠡᠨ ᠪᠠ ᠲᠠᠩᠰᠠ ᠡᠪᠬᠡᠮᠡᠯ ᠤᠨ ᠵᠠᠢ ᠶᠢ ᠣᠶᠢᠷᠠᠲᠤᠭᠤᠯᠵᠤ᠂ ᠲᠠᠩᠰᠠ ᠡᠪᠬᠡᠮᠡᠯ ᠤᠨ ᠠᠵᠢᠯ ᠤᠨ ᠨᠡᠶᠢᠭᠡᠮ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠪᠡ᠃  ︵ᠰᠣᠷᠪᠤᠯᠵᠢᠯᠠᠬᠴᠢ ᠯᠢᠦᠢ ᠫᠢᠩ ᠫᠢᠩ  ᠴᠧᠨ ᠪᠦᠸᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号