ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠳᠤ 1.1 ᠳ᠋ᠦᠩᠰᠢᠭᠤᠷ ᠬᠥᠮᠥᠨ ᠤᠳᠠᠭ᠎ᠠ ᠵᠢᠭᠤᠯᠴᠢᠯᠠᠵᠠᠢ
ᠨᠡᠶᠢᠲᠡᠯᠡᠭᠰᠡᠨ ᠴᠠᠭ᠄
2024/6/13
     ᠰᠤᠷᠪᠤᠯᠵᠢᠯᠠᠬᠴᠢ 10 ᠤ ᠡᠳᠦᠷ ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠣᠶᠢᠯᠠᠭᠠᠭᠰᠠᠨ ᠢᠶᠠᠷ᠂ 2024 ᠣᠨ ᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠮᠠᠷᠠᠯᠲᠠ ᠳᠤ ᠪᠦᠭᠦ ᠤᠯᠤᠰ ᠤᠨ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠶᠡᠷᠦᠩᠬᠡᠢ ᠳᠡᠭᠡᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠪᠠ᠃ ᠰᠣᠶᠣᠯ ᠪᠠ ᠵᠢᠭᠤᠯᠴᠢᠯᠠᠯ ᠤᠨ ᠶᠠᠮᠤᠨ ᠤ ᠲᠤᠭ᠎ᠠ ᠪᠠᠷᠢᠮᠲᠠ ᠶᠢᠨ ᠲᠥᠪ ᠤᠨ ᠪᠤᠳᠤᠬᠰᠠᠨ ᠢᠶᠠᠷ᠂ ᠪᠦᠭᠦ ᠤᠯᠤᠰ ᠤᠨ ᠤᠯᠤᠰ ᠤᠨ ᠳᠣᠲᠣᠭᠠᠳᠤ ᠶᠢᠨ ᠵᠢᠭᠤᠯᠴᠢᠯᠠᠬᠰᠠᠳ ᠤᠨ ᠲᠤᠭ᠎ᠠ ᠨᠡᠶᠢᠲᠡ 1.1 ᠳ᠋ᠦᠩᠰᠢᠭᠤᠷ ᠬᠥᠮᠥᠨ ᠤᠳᠠᠭ᠎ᠠ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠵᠡᠶ᠃ ᠤᠯᠤᠰ ᠤᠨ ᠳᠣᠲᠣᠭᠠᠳᠤ ᠶᠢᠨ ᠵᠢᠭᠤᠯᠴᠢᠯᠠᠬᠰᠠᠳ ᠤᠨ ᠵᠢᠭᠤᠯᠴᠢᠯᠠᠯ ᠤᠨ ᠶᠡᠷᠦᠩᠬᠡᠢ ᠵᠠᠷᠤᠳᠠᠯ 403.5 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 8.1% ᠪᠠᠷ ᠨᠡᠮᠡᠭᠳᠡᠪᠡ᠃      ᠠᠮᠠᠷᠠᠯᠲᠠ ᠶᠢᠨ ᠬᠤᠭᠤᠴᠠᠭᠠᠨ ᠳᠤ᠂ ᠤᠯᠠᠨ ᠲᠦᠮᠡᠨ ᠯᠤᠤᠲᠤ ᠣᠩᠭᠤᠴᠠ ᠤᠷᠤᠯᠳᠤᠨ᠂ ᠽᠦᠩᠽᠢ ᠢᠳᠡᠵᠦ᠂ ᠨᠤᠲᠤᠭ ᠤᠨ ᠳᠠᠭᠤᠤ ᠳᠠᠭᠤᠯᠠᠨ᠂ ᠡᠷᠲᠡᠨ ᠤ ᠳᠠᠭᠤᠤ ᠶᠢ ᠰᠣᠨᠢᠷᠬᠠᠵᠤ᠂ ᠤᠯᠠᠮᠵᠢᠯᠠᠯᠲᠤ ᠪᠠᠶᠠᠷ ᠤᠨ ᠡᠳᠦᠷ ᠤᠨ ᠰᠣᠶᠣᠯ ᠤᠨ ᠠᠭᠤᠯᠤᠭᠳᠠᠬᠤᠨ ᠢ ᠵᠢᠭᠤᠯᠴᠢᠯᠠᠯ ᠤᠨ ᠬᠥᠭᠵᠢᠯᠲᠡ ᠲᠠᠢ ᠭᠦᠨᠵᠡᠭᠡᠢ ᠠᠭᠤᠰᠤᠯᠴᠠᠭᠤᠯᠪᠠ᠃ ᠭᠤᠸᠠᠩᠳᠦ᠋ᠩ᠂ ᠬᠤᠨᠠᠨ᠂ ᠵᠧᠵᠢᠶᠠᠩ᠂ ᠭᠦᠢᠵᠧᠦ᠂ ᠶᠦᠨᠨᠠᠨ ᠵᠡᠷᠭᠡ ᠭᠠᠵᠠᠷ ᠯᠤᠤᠲᠤ ᠣᠩᠭᠤᠴᠠ ᠶᠢᠨ ᠤᠷᠤᠯᠳᠤᠭᠠᠨ ᠶᠠᠪᠤᠭᠤᠯᠪᠠ᠃ ᠰᠢᠶᠧ ᠴᠧᠩ ᠤᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠯᠤᠤᠲᠤ ᠣᠩᠭᠤᠴᠠ ᠪᠠᠷ ᠬᠥᠪᠥᠨ ᠰᠢᠯᠵᠢᠭᠦ ᠤᠷᠤᠯᠳᠤᠭᠠᠨ ᠡᠷᠭᠢᠯᠡᠭᠰᠡᠨ ᠭᠤᠸᠠᠩᠳᠦ᠋ᠩ ᠤᠨ ᠹᠦᠸᠧᠱᠠᠨ ᠤ ᠲᠦᠷᠢᠶᠡᠰᠦᠨ ᠮᠠᠰᠢᠨ ᠲᠡᠷᠭᠡᠨ ᠤ ᠵᠠᠬᠢᠶᠠᠯᠠᠭ᠎ᠠ ᠶᠢᠨ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 250% ᠪᠠᠷ ᠨᠡᠮᠡᠭᠳᠡᠪᠡ᠃ 2024 ᠣᠨ ᠤ ᠳᠤᠮᠳᠠᠳᠤ ᠤᠯᠤᠰ ᠤᠨ ᠮᠢ ᠯᠥᠸᠧ ᠵᠢᠶᠠᠩ ᠮᠥᠷᠡᠨ ᠤ ᠯᠤᠤᠲᠤ ᠣᠩᠭᠤᠴᠠ ᠶᠢᠨ ᠭᠡᠳᠦ ᠬᠤᠯᠪᠣᠭᠠᠲᠤ ᠤᠷᠤᠯᠳᠤᠭᠠᠨ ᠢ ᠡᠷᠭᠢᠯᠡᠭᠰᠡᠨ ᠬᠤᠨᠠᠨ ᠤ ᠶᠤᠸᠠᠢ ᠶᠠᠩ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠵᠢᠭᠤᠯᠴᠢᠯᠠᠯ ᠤᠨ ᠵᠠᠬᠢᠶᠠᠯᠠᠭ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 52% ᠢᠶᠠᠷ ᠨᠡᠮᠡᠭᠳᠡᠪᠡ᠃ ᠳᠤᠮᠳᠠᠳᠤ ᠤᠯᠤᠰ· ᠲᠤᠤ ᠬᠤᠸᠠ ᠲᠠᠨ ᠠᠷᠪᠠᠨ ᠨᠢᠭᠡᠳᠦᠭᠡᠷ ᠬᠤᠭᠤᠴᠠᠭᠠᠨ ᠤ ᠯᠤᠤᠲᠤ ᠣᠩᠭᠤᠴᠠ ᠶᠢᠨ ᠤᠷᠤᠯᠳᠤᠭᠠᠨ ᠨᠢ ᠠᠨᠾᠦ᠋ᠢ ᠶᠢᠨ ᠰᠢᠤᠸᠠᠨ ᠴᠧᠩ ᠤᠨ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠯ ᠤᠨ ᠵᠠᠬᠢᠶᠠᠯᠠᠭ᠎ᠠ ᠶᠢ 32% ᠢᠶᠠᠷ ᠨᠡᠮᠡᠭᠳᠡᠭᠦᠯᠪᠡ᠃      ᠠᠮᠠᠷᠠᠯᠲᠠ ᠶᠢᠨ ᠬᠤᠭᠤᠴᠠᠭᠠᠨ ᠳᠤ᠂ ᠡᠯ᠎ᠡ ᠭᠠᠵᠠᠷ ᠤᠨ ᠬᠢᠨ ᠥᠪᠡᠷᠮᠢᠴᠡ ᠣᠨᠴᠠᠯᠢᠭ ᠲᠠᠢ ᠠᠵᠢᠯᠯᠠᠭ᠎ᠠ᠂ ᠰᠢᠨ᠎ᠡ ᠭᠡᠯᠪᠡᠷᠢ ᠶᠢᠨ ᠬᠡᠷᠡᠭᠯᠡᠭᠡᠨ ᠤ ᠲᠠᠯᠠᠪᠤᠷ ᠪᠣᠯᠣᠨ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠵᠠᠯᠭᠠᠭ᠎ᠠ ᠪᠠᠷ ᠨᠡᠶᠢᠲᠡᠯᠡᠪᠡ᠃ ᠡᠯ᠎ᠡ ᠭᠠᠵᠠᠷ ᠤᠨ ᠬᠢᠨ ᠪᠠᠰᠠ ᠤᠯᠠᠮᠵᠢᠯᠠᠯᠲᠤ ᠠᠷᠠᠳ ᠤᠨ ᠵᠠᠩ ᠦᠶᠯᠡ᠂ ᠠᠷᠠᠳ ᠤᠨ ᠤᠷᠠᠯᠢᠭ ᠢ ᠮᠦᠽᠧᠢ᠂ ᠤᠷᠠᠨ ᠵᠢᠷᠤᠭ ᠤᠨ ᠣᠷᠳᠣᠨ᠂ ᠨᠣᠮ ᠤᠨ ᠰᠠᠩ᠂ ᠰᠢ ᠵᠦᠴᠦᠭᠡ ᠶᠢᠨ ᠲᠠᠯᠠᠪᠠᠶ᠂ ᠺᠢᠨᠣ᠋ ᠶᠢᠨ ᠣᠷᠳᠣᠨ ᠵᠡᠷᠭᠡ ᠰᠣᠶᠣᠯ ᠤᠨ ᠣᠷᠣᠨ ᠵᠠᠢ ᠳᠤ ᠣᠷᠭᠠᠨᠢᠭ ᠢᠶᠠᠷ ᠠᠭᠤᠰᠤᠯᠴᠠᠭᠤᠯᠵᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠰᠢᠨ᠎ᠡ ᠪᠠᠶᠢᠳᠠᠯ ᠢ ᠪᠠᠶᠠᠯᠢᠭᠵᠢᠭᠤᠯᠪᠠ᠃      ᠶᠡᠭᠡ ᠬᠡᠮᠵᠢᠶᠡᠨ ᠤ ᠵᠢᠭᠤᠯᠴᠢᠯᠠᠬᠰᠠᠳ ᠲᠤᠬᠠᠢ ᠶᠢᠨ ᠭᠠᠵᠠᠷ ᠲᠠᠭᠠᠨ ᠰᠡᠯᠡᠭᠦᠴᠡᠬᠦ ᠪᠤᠶᠤ ᠣᠶᠢᠷ᠎ᠠ ᠬᠠᠪᠢ ᠳᠠᠭᠠᠨ ᠵᠢᠭᠤᠯᠴᠢᠯᠠᠬᠤ ᠶᠢ ᠰᠣᠩᠭᠤᠵᠤ᠂ ᠬᠤᠲᠠ ᠶᠢᠨ ᠲᠡᠭᠦᠷᠭᠡ ᠪᠠᠷ ᠤᠰᠤ ᠨᠠᠭᠠᠳᠬᠤ᠂ ᠵᠢᠮᠢᠰ ᠲᠡᠭᠦᠬᠦ᠂ ᠲᠠᠷᠢᠶᠠᠯᠠᠩ ᠤᠨ ᠶᠠᠪᠤᠳᠠᠯ ᠢ ᠪᠡᠶᠡᠴᠢᠯᠡᠨ ᠣᠶᠢᠯᠠᠭᠠᠬᠤ᠂ ᠬᠡᠭᠡᠷ᠎ᠡ ᠪᠠᠭᠤᠳᠠᠯᠯᠠᠬᠤ ᠵᠡᠷᠭᠡ ᠲᠥᠷᠥᠯ ᠵᠦᠢᠯ ᠨᠢ ᠬᠥᠮᠥᠰ ᠤᠨ ᠲᠠᠭᠠᠰᠢᠶᠠᠯ ᠢ ᠣᠯᠵᠤ᠂ ᠰᠣᠶᠣᠯ ᠤᠨ ᠲᠠᠯᠠᠪᠠᠶ ᠣᠷᠳᠣᠨ᠂ ᠬᠤᠳᠠᠯᠳᠤᠭᠠᠨ ᠤ ᠵᠡᠭᠡᠯᠢ ᠲᠣᠭᠤᠷᠢᠭ ᠨᠢ ᠵᠢᠭᠤᠯᠴᠢᠯᠠᠬᠰᠡᠳ ᠤᠨ ᠭᠤᠣᠯ ᠵᠢᠭᠤᠯᠴᠢᠯᠠᠨ ᠠᠮᠠᠷᠠᠬᠤ ᠣᠷᠣᠨ ᠵᠠᠢ ᠪᠣᠯᠪᠠ᠃ ᠤᠯᠤᠰ ᠤᠨ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ ᠳᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠣᠳᠠᠰ ᠤᠨ ᠪᠤᠰᠤ ᠰᠣᠶᠣᠯ ᠤᠨ ᠥᠪ ᠢ ᠪᠡᠶᠡᠴᠢᠯᠡᠨ ᠣᠶᠢᠯᠠᠭᠠᠬᠤ᠂ ᠠᠷᠠᠳ ᠤᠨ ᠵᠠᠩ ᠦᠶᠯᠡ ᠶᠢᠨ ᠵᠠᠬ᠎ᠠ ᠳᠡᠯᠭᠡᠭᠦᠷ ᠤᠨ ᠴᠤᠭᠯᠠᠭ᠎ᠠ ᠵᠡᠷᠭᠡ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠭᠤᠣᠯ ᠰᠡᠳᠦᠪᠲᠦ ᠣᠨᠴᠠᠯᠢᠭᠲᠤ ᠠᠵᠢᠯᠯᠠᠭ᠎ᠠ ᠶᠢ ᠡᠷᠭᠢᠯᠡᠵᠦ᠂ ᠰᠥᠨᠢ ᠶᠢᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠦᠷᠭᠦᠯᠵᠢᠯᠡᠨ ᠪᠠᠳᠠᠷᠠᠭᠤᠯᠪᠠ᠃      ᠵᠢᠭᠤᠯᠴᠢᠯᠠᠬᠰᠠᠳ ᠶᠠᠪᠤᠬᠤ ᠲᠤᠲᠤᠮ ᠠᠮᠢᠳᠤᠯᠢᠭ᠂ ᠥᠪᠡᠷᠮᠢᠴᠡ ᠣᠨᠴᠠᠯᠢᠭ ᠲᠠᠢ ᠵᠢᠭᠤᠯᠴᠢᠯᠠᠬᠤ ᠭᠡᠯᠪᠡᠷᠢ ᠶᠢ ᠰᠣᠩᠭᠤᠬᠤ ᠳᠤᠷᠠᠲᠠᠢ ᠪᠣᠯᠵᠤ᠂ ᠤᠳᠠᠭᠠᠨ ᠠᠶᠢᠵᠠᠮ ᠲᠠᠢ ᠵᠢᠭᠤᠯᠴᠢᠯᠠᠬᠤ᠂ ᠭᠦᠨᠵᠡᠭᠡᠢ ᠣᠶᠢᠯᠠᠭᠠᠬᠤ᠂ ᠰᠡᠯᠡᠭᠦᠴᠡᠬᠦ ᠳᠤᠮᠳᠠ ᠠᠮᠢᠳᠤᠷᠠᠯ ᠢ ᠡᠳ᠋ᠯᠡᠵᠦ ᠪᠠᠶᠢᠨ᠎ᠠ᠃ ᠶᠦᠨᠨᠠᠨ᠂ ᠬᠥᠬᠡᠨᠠᠭᠤᠷ᠂ ᠭᠠᠨᠰᠤ᠂ ᠥᠪᠥᠷ ᠮᠣᠩᠭᠤᠯ᠂ ᠭᠦᠢᠵᠧᠦ ᠵᠡᠷᠭᠡ ᠭᠠᠵᠠᠷ ᠨᠢ ᠵᠠᠯᠠᠭᠤᠴᠤᠳ ᠤᠨ ᠥᠪᠡᠷ ᠢᠶᠠᠨ ᠮᠠᠰᠢᠨ ᠪᠠᠷᠢᠵᠤ ᠵᠢᠭᠤᠯᠴᠢᠯᠠᠬᠤ ᠬᠠᠯᠠᠮᠰᠢᠯ ᠰᠣᠩᠭᠤᠯᠲᠠ ᠪᠣᠯᠪᠠ᠃︽ᠺᠢᠨᠣ᠋ ᠲᠧᠯᠸᠢᠰ + ᠰᠣᠶᠣᠯ ᠵᠢᠭᠤᠯᠴᠢᠯᠠᠯ︾ ᠤᠨ ᠬᠤᠣᠰ ᠴᠢᠭᠯᠡᠯᠲᠦ ᠴᠢᠳᠠᠮᠵᠢ ᠣᠯᠭᠤᠪᠠ᠂ ᠲᠧᠯᠸᠢᠰ ᠵᠦᠴᠦᠭᠡ ︽ᠮᠢᠨᠤ ᠠᠯᠲᠠᠢ︾ ᠶᠢᠨ ᠨᠡᠪᠲᠡᠷᠡᠭᠦᠯᠭᠡ ᠨᠢ ᠰᠢᠨᠵᠢᠶᠠᠩ ᠤᠨ ᠠᠯᠲᠠᠢ ᠣᠷᠣᠨ᠂ ᠢᠯᠢ ᠵᠧᠦ ᠵᠡᠷᠭᠡ ᠥᠪᠡᠷ ᠢᠶᠠᠨ ᠮᠠᠰᠢᠨ ᠪᠠᠷᠢᠵᠤ ᠵᠢᠭᠤᠯᠴᠢᠯᠠᠬᠤ ᠬᠠᠷᠠᠯᠲᠠᠲᠤ ᠭᠠᠵᠠᠷ ᠣᠷᠣᠨ ᠢ ᠦᠷᠭᠦᠯᠵᠢᠯᠡᠨ ᠬᠥᠭᠵᠢᠶᠡᠨᠲᠡᠢ ᠪᠣᠯᠭᠠᠪᠠ᠃ ᠰᠢᠶᠧ ᠴᠧᠩ ᠤᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭᠠᠨ ᠳᠤ ᠦᠷᠦᠮᠴᠢ ᠶᠢᠨ ᠮᠠᠰᠢᠨ ᠲᠦᠷᠢᠶᠡᠰᠦᠯᠡᠬᠦ ᠵᠠᠬᠢᠶᠠᠯᠠᠭ᠎ᠠ ᠶᠢᠨ ᠬᠠᠭᠤᠳᠠᠰᠤ ᠬᠤᠶᠠᠷ ᠳᠠᠭᠢᠨ ᠨᠡᠮᠡᠭᠳᠡᠵᠦ᠂ ᠢᠨᠢᠩ ᠬᠤᠲᠠ 140% ᠪᠠᠷ ᠨᠡᠮᠡᠭᠳᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号