ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ 2024 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ︾ ᠶᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/6/13
     ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ 2024 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ︾ ︵ᠳᠣᠷᠣᠭᠰᠢ︽ᠡᠭᠦᠷᠭᠡ︾ ᠭᠡᠵᠦ ᠳᠥᠭᠦᠮᠴᠢᠯᠡᠨ᠎ᠡ︶ ᠶᠢ ᠳᠠᠷᠤᠮᠠᠯᠯᠠᠨ ᠲᠠᠷᠬᠠᠭᠠᠪᠠ᠃      ︽ᠡᠭᠦᠷᠭᠡ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮ ᠡᠮᠨᠡᠯᠭᠡ ᠶᠢᠨ ᠳᠠᠭᠠᠳᠬᠠᠯ᠂ ᠡᠮᠴᠢᠯᠡᠭᠡ᠂ ᠡᠮ ᠡᠮᠨᠡᠯᠭᠡ ᠶᠢ ᠬᠠᠮᠵᠢᠯᠴᠠᠭᠤᠯᠤᠨ ᠬᠥᠭᠵᠢᠭᠦᠯᠬᠦ ᠪᠠ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠪᠡ᠃      ︽ᠡᠭᠦᠷᠭᠡ︾ ᠳᠤ 7 ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠳᠤᠷᠠᠳᠤᠨ ᠭᠠᠷᠭᠠᠪᠠ᠃ ᠨᠢᠭᠡ ᠳᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠵᠤ᠂ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠠᠷᠢᠭᠤᠴᠠᠯᠭ᠎ᠠ ᠶᠢ ᠴᠢᠨᠠᠭᠰᠢᠳᠠ ᠨᠠᠶᠢᠳᠠᠪᠤᠷᠢᠵᠢᠭᠤᠯᠬᠤ ᠶᠢ ᠠᠬᠢᠭᠤᠯᠵᠤ᠂ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠲᠣᠭᠲᠠᠴᠠ ᠶᠢ ᠪᠠᠬᠢᠵᠢᠭᠦᠯᠦᠨ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠳᠠᠭᠠᠳᠬᠠᠯ᠂ ᠡᠮᠴᠢᠯᠡᠭᠡ᠂ ᠡᠮ ᠡᠮᠨᠡᠯᠭᠡ ᠶᠢᠨ ᠨᠢᠭᠡᠳᠦᠯᠲᠡᠢ ᠥᠨᠳᠥᠷ ᠪᠦᠲᠦᠮᠵᠢᠲᠡᠢ ᠲᠦᠷᠦ ᠶᠢᠨ ᠪᠣᠳᠣᠯᠭ᠎ᠠ ᠶᠢ ᠬᠠᠮᠵᠢᠯᠴᠠᠭᠤᠯᠬᠤ᠂ ᠮᠡᠳᠡᠭᠡ ᠵᠠᠩᠭᠢ ᠶᠢ ᠬᠤᠯᠪᠣᠯᠳᠤᠭᠤᠯᠬᠤ᠂ ᠬᠢᠨᠠᠯᠲᠠ ᠬᠠᠮᠢᠶᠠᠷᠤᠯᠲᠠ ᠶᠢ ᠬᠤᠯᠪᠣᠯᠳᠤᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠬᠤᠶᠠᠷ ᠲᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠭᠤᠷᠪᠠ ᠶᠢ ᠢᠯᠡ ᠪᠤᠯᠭᠠᠬᠤ ᠥᠭᠡᠷᠡᠴᠢᠯᠡᠯᠲᠡ ᠶᠢᠨ ᠲᠤᠷᠰᠢᠯᠭ᠎ᠠ ᠶᠢ ᠭᠦᠨᠵᠡᠭᠡᠢ ᠳᠡᠯᠭᠡᠷᠡᠭᠦᠯᠵᠦ᠂ ᠡᠮ ᠤᠨ ᠵᠦᠢᠯᠡᠰ ᠪᠠ ᠡᠮ ᠡᠮᠨᠡᠯᠭᠡ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠣᠭᠲᠠᠭᠠᠨ ᠬᠤᠳᠠᠯᠳᠤᠨ ᠠᠪᠴᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠠᠬᠢᠭᠤᠯᠵᠤ᠂ ᠡᠮ ᠡᠮᠨᠡᠯᠭᠡ ᠶᠢᠨ ᠦᠢᠯᠡᠴᠢᠯᠡᠭᠡ ᠶᠢᠨ ᠦᠨ᠎ᠡ ᠬᠠᠩᠰᠢ᠂ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠭᠡᠯᠪᠡᠷᠢ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠠᠯᠢᠩ ᠬᠥᠯᠥᠰᠦ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠭᠤᠷᠪᠠ ᠳᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠠᠨᠠᠭᠠᠬᠤ ᠤᠬᠠᠭᠠᠨ ᠤ ᠲᠥᠪ᠂ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠢ ᠲᠣᠬᠢᠷᠠᠭᠤᠯᠤᠨ ᠪᠠᠶᠢᠭᠤᠯᠬᠤ ᠶᠢ ᠡᠮᠬᠢ ᠵᠢᠷᠤᠮ ᠲᠠᠢ ᠠᠬᠢᠭᠤᠯᠵᠤ᠂ ᠨᠢᠭᠲᠠ ᠭᠡᠯᠪᠡᠷᠢ ᠶᠢᠨ ᠡᠮ ᠡᠮᠨᠡᠯᠭᠡ ᠶᠢᠨ ᠬᠤᠯᠪᠣᠭᠠᠲᠤ ᠴᠣᠭᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ ᠴᠢᠳᠠᠪᠤᠷᠢ ᠶᠢ ᠳᠡᠭᠡᠭᠰᠢᠯᠡᠭᠦᠯᠵᠦ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠥᠷᠨᠢᠭᠦᠯᠦᠨ᠎ᠡ᠃ ᠳᠥᠷᠪᠡ ᠳᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠡᠯ᠎ᠡ ᠱᠠᠲᠤᠨ ᠤ ᠡᠯ᠎ᠡ ᠲᠦᠷᠦᠯ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠪᠠᠶᠢᠷᠢᠯᠠᠭᠤᠯᠤᠨ᠎ᠠ᠃ ᠲᠠᠪᠤ ᠳᠤ᠂ ᠤᠯᠠᠨ ᠲᠡᠰ ᠳᠠᠪᠬᠤᠷᠭ᠎ᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠵᠤ᠂ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠵᠦ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠢ ᠬᠥᠭᠵᠢᠭᠦᠯᠦᠨ᠎ᠡ᠃ ᠵᠢᠷᠭᠤᠭ᠎ᠠ ᠳᠤ᠂ ᠡᠮ ᠤᠨ ᠵᠦᠢᠯᠡᠰ ᠤᠨ ᠬᠦᠷᠢᠶᠡᠨ ᠤ ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠵᠦ᠂ ᠡᠮ ᠤᠨ ᠵᠦᠢᠯᠡᠰ ᠤᠨ ᠬᠡᠷᠡᠭᠯᠡᠯᠲᠡ ᠪᠠ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠡᠮ ᠤᠨ ᠵᠦᠢᠯᠡᠰ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮ ᠤᠨ ᠵᠦᠢᠯᠡᠰ ᠤᠨ ᠬᠠᠩᠭᠠᠯᠭ᠎ᠠ ᠶᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠤᠯᠤᠭ᠎ᠠ ᠳᠤ᠂ ᠲᠤᠭᠠᠴᠢᠯᠠᠯᠳᠠ ᠪᠠᠷ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠳᠤ ᠬᠦᠴᠦᠨ ᠴᠢᠳᠠᠯ ᠣᠯᠭᠤᠬᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠬᠤ᠂︽ᠨᠠᠰᠤᠲᠠᠶᠢᠴᠤᠳ ᠪᠣᠯᠣᠨ ᠨᠢᠯᠬ᠎ᠠ ᠬᠡᠦᠬᠡᠳ︾ ᠤᠨ ᠬᠤᠯᠪᠣᠭᠳᠠᠯ ᠪᠦᠬᠦᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠬᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠶᠢ ᠪᠠᠭᠲᠠᠭᠠᠭᠰᠠᠨ ᠪᠤᠰᠤᠳ ᠭᠤᠣᠯᠳᠠᠯᠭ᠎ᠠ ᠲᠠᠢ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号