ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 7 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/14
     6 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 7 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ᠂ ᠭᠤᠣᠯ ᠳᠤᠭᠤᠶᠢᠯᠠᠩ ᠤᠨ ᠬᠡᠰᠡᠭ ᠪᠦᠷᠢᠯᠳᠦᠭᠦᠨ ᠨᠠᠷ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠭᠤᠣᠯ ᠰᠡᠳᠦᠪ ᠤᠨ ᠲᠣᠭᠤᠷᠢᠨ ᠳᠤ ᠬᠤᠪᠢ ᠬᠥᠮᠥᠨ ᠤ ᠦᠵᠡᠯ ᠰᠠᠨᠠᠭ᠎ᠠ ᠪᠣᠯᠣᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ 2024 ᠣᠨ ᠢ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ ᠣᠨ︾ ᠢᠶᠠᠷ ᠲᠣᠭᠲᠠᠭᠠᠭᠰᠠᠨ ᠵᠢᠴᠢ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ ᠬᠡᠷᠡᠭᠲᠡᠢ᠃ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠪᠥᠬᠦ ᠰᠢᠶᠠᠨ ᠤ ᠬᠥᠭᠵᠢᠯᠲᠡ ᠶᠢ ᠶᠡᠬᠡᠪᠡᠷ ᠠᠳᠬᠤᠬᠤ᠂ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠲᠦᠷᠭᠡᠳᠬᠡᠬᠦ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠨ ᠥᠭᠴᠦ᠂ ᠪᠣᠳᠠᠲᠠᠢ ᠱᠠᠭᠠᠷᠳᠠᠯᠭ᠎ᠠ ᠳᠤᠷᠠᠳᠴᠤ᠂ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠴᠡᠢ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠪᠥᠬᠦ ᠲᠠᠯ᠎ᠠ ᠪᠠᠷ ᠡᠵᠡᠮᠰᠢᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠦᠳᠲᠡᠷ ᠲᠦᠷᠭᠡᠨ ᠨᠢᠭᠡᠳᠬᠡᠬᠦ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠰᠲ᠋ᠧᠮᠲᠦ ᠰᠡᠳᠬᠢᠬᠦᠢ ᠪᠣᠯᠣᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠬᠡᠷᠡᠭᠵᠢᠭᠦᠯᠬᠦ ᠠᠯᠬᠤᠴᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠬᠦᠷᠢᠶ᠎ᠡ ᠵᠡᠷᠭᠡ ᠠᠵᠢᠯ ᠤᠨ ᠲᠣᠭᠤᠷᠢᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠢᠲᠡᠭᠡᠮᠵᠢ ᠶᠢᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠦᠷᠢᠨᠰᠢᠭᠦᠯᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠥᠷᠨᠢᠭᠦᠯᠵᠦ᠂ ᠬᠤᠳᠠᠯᠳᠤᠭᠠᠨ ᠤ ᠶᠠᠪᠤᠳᠠᠯ ᠤᠨ ᠢᠲᠡᠭᠡᠯ ᠠᠯᠳᠠᠭᠰᠠᠨ ᠠᠵᠢᠯᠯᠠᠭ᠎ᠠ ᠳᠤ ᠡᠷᠡᠰ ᠴᠣᠬᠢᠯᠲᠠ ᠥᠭᠬᠦ ᠬᠡᠷᠡᠭᠲᠡᠢ᠃ ᠨᠡᠶᠢᠭᠡᠮ ᠤᠨ ᠦᠨᠡᠨᠴᠢ ᠢᠲᠡᠭᠡᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠠᠭᠤᠷ ᠠᠮᠢᠰᠬᠤᠯ ᠢ ᠪᠣᠶ ᠪᠣᠯᠭᠠᠬᠤ ᠶᠢ ᠴᠢᠩᠭᠠᠳᠬᠠᠵᠤ᠂ ᠨᠡᠶᠢᠲᠡᠯᠢᠭ ᠵᠢᠱᠢᠶ᠎ᠡ ᠶᠢ ᠤᠬᠠᠭᠤᠯᠤᠨ ᠰᠣᠩᠭᠤᠬᠤ ᠪᠠ ᠬᠢᠵᠠᠭᠠᠷᠯᠠᠬᠤ ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠢ᠃ ᠬᠠᠤᠯᠢ ᠴᠠᠭᠠᠵᠠ ᠶᠢᠨ ᠦᠨᠡᠨᠴᠢ ᠢᠲᠡᠭᠡᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠴᠠᠭᠠᠵᠠ ᠶᠢᠨ ᠬᠡᠷᠡᠭᠵᠢᠭᠦᠯᠬᠦ ᠴᠢᠳᠠᠪᠤᠷᠢ ᠶᠢ ᠴᠢᠩᠭᠠᠷᠠᠭᠤᠯᠵᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠤᠯᠴᠢ ᠪᠠᠷ ᠬᠠᠤᠯᠢ ᠪᠠᠷᠢᠬᠤ ᠶᠢ ᠦᠨᠡᠨᠬᠦ ᠪᠡᠶᠡᠯᠡᠭᠦᠯᠵᠦ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢᠶᠠᠨ ᠤ ᠭᠠᠵᠠᠷ ᠤᠨ ᠲᠡᠰ ᠤᠨ ᠤᠳᠤᠷᠢᠳᠤᠯᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠪᠣᠳᠠᠲᠠᠢ ᠠᠵᠢᠯ ᠢ ᠦᠨᠡᠨᠬᠦ ᠰᠠᠶᠢᠲᠤᠷ ᠠᠳᠬᠤᠵᠤ᠂ ᠠᠵᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠣᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠵᠣᠬᠢᠶᠠᠨ ᠪᠠᠶᠢᠭᠤᠯᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠦᠨᠡᠨᠴᠢ ᠢᠲᠡᠭᠡᠮᠵᠢ ᠶᠢ ᠡᠷᠬᠢᠮᠯᠡᠬᠦ᠂ ᠢᠲᠡᠭᠡᠮᠵᠢ ᠶᠢ ᠰᠠᠬᠢᠬᠤ ᠶᠢ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠲᠡᠢ ᠲᠤᠯᠭᠠᠭᠤᠷᠢᠯᠠᠯ ᠪᠣᠯᠭᠠᠬᠤ ᠬᠡᠷᠡᠭᠲᠡᠢ᠃  ︵ᠰᠣᠷᠪᠤᠯᠵᠢᠯᠠᠬᠴᠢ ᠮᠠ ᠾᠦᠢ ᠮᠢᠨ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号