ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠮᠠᠨ ᠤ ᠰᠢᠶᠠᠨ ᠤ ᠲᠠᠷᠢᠶᠠᠯᠠᠩ ᠬᠥᠳᠡᠭᠡ ᠲᠣᠰᠬᠤᠨ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/6/14
     6 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 135 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠰᠢᠶᠠᠨ ᠤ ᠡᠯ᠎ᠡ ᠰᠢᠶᠠᠩ ᠪᠠᠯᠭᠠᠰᠤᠨ ᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ 5 ᠰᠠᠷ᠎ᠠ ᠶᠢᠨ 27 ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷ᠎ᠡ᠂ ᠲᠥᠪ ᠤᠨ ᠤᠯᠤᠰ ᠲᠦᠷᠦ ᠶᠢᠨ ᠲᠣᠪᠴᠢᠶᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢ ᠴᠢᠨᠠᠭᠰᠢᠳᠠ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ︽ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ︾ ᠭᠡᠬᠦ ᠴᠢᠬᠤᠯᠠ ᠵᠣᠬᠢᠶᠠᠯ ᠢ ᠨᠠᠷᠢᠨ ᠬᠢᠨᠠᠮᠠᠭᠠᠢ ᠰᠤᠷᠤᠯᠴᠠᠬᠤ ᠬᠡᠷᠡᠭᠲᠡᠢ᠃ ᠰᠤᠷᠤᠯᠴᠠᠬᠤ ᠪᠠᠷ ᠳᠠᠮᠵᠢᠭᠤᠯᠤᠨ᠂ ᠰᠡᠳᠬᠢᠴᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠲᠥᠷᠥᠯ ᠵᠦᠢᠯ ᠢ ᠠᠳᠬᠤᠬᠤ᠂ ᠠᠵᠤ ᠦᠢᠯᠡᠰ ᠢ ᠠᠳᠬᠤᠬᠤ ᠶᠢ ︽ᠬᠦᠴᠦᠷᠬᠡᠭ ᠬᠥᠳᠡᠯᠭᠡᠭᠦᠷ︾ ᠪᠠ ︽ᠬᠠᠲᠠᠭᠤ ᠲᠤᠯᠭᠠᠭᠤᠷᠢᠯᠠᠯ︾ ᠪᠣᠯᠭᠠᠬᠤ ᠶᠢ ᠪᠠᠷᠢᠮᠲᠠᠯᠠᠵᠤ᠂ ︽ᠲᠥᠷᠥᠯ ᠵᠦᠢᠯ ᠢ ᠠᠳᠬᠤᠬᠤ᠂ ᠠᠵᠤ ᠦᠢᠯᠡᠰ ᠢ ᠬᠥᠭᠵᠢᠭᠦᠯᠬᠦ᠂ ᠠᠵᠢᠯ ᠣᠯᠭᠤᠯᠲᠠ ᠶᠢ ᠠᠬᠢᠭᠤᠯᠬᠤ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠂ ᠬᠦᠴᠦᠨ ᠢᠶᠠᠨ ᠲᠥᠪᠯᠡᠷᠡᠭᠦᠯᠦᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠴᠢᠩᠭ᠎ᠠ ᠠᠳᠬᠤᠵᠤ᠂ ᠨᠠᠩ ᠣᠯᠠᠨ ᠠᠵᠤ ᠦᠢᠯᠡᠰ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠠᠵᠤ ᠦᠢᠯᠡᠰ ᠢᠶᠠᠷ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ ᠶᠢᠨ ᠲᠡᠩᠴᠡᠭᠦᠷᠢᠲᠡᠢ ᠬᠥᠭᠵᠢᠯᠲᠡ ᠶᠢ ᠳᠠᠶᠢᠴᠢᠯᠠᠵᠤ᠂ ᠰᠢᠶᠠᠨ ᠤ ᠬᠡᠪᠴᠢᠶᠡᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠲᠦᠯᠬᠢᠨ ᠠᠬᠢᠭᠤᠯᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠭᠡᠬᠦ ᠡᠨᠡᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠦᠴᠦᠸᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠠᠵᠤ ᠠᠬᠤᠢ ᠶᠢᠨ ᠬᠡᠮᠵᠢᠶ᠎ᠡ ᠶᠢ ᠪᠤᠵᠠᠭᠠᠶᠢᠷᠠᠭᠤᠯᠬᠤ᠂ ᠠᠵᠤ ᠠᠬᠤᠶᠢᠯᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ᠂ ᠠᠵᠤ ᠦᠢᠯᠡᠰ ᠤᠨ ᠠᠭᠤᠰᠤᠯᠴᠠᠯ ᠢ ᠭᠦᠨᠵᠡᠭᠡᠶᠢᠷᠡᠭᠦᠯᠬᠦ ᠶᠢᠨ ᠲᠣᠭᠤᠷᠢᠨ ᠳᠤ᠂ ᠲᠥᠷᠥ ᠶᠢᠨ ᠪᠣᠳᠣᠯᠭ᠎ᠠ᠂ ᠪᠡᠯᠡ ᠮᠥᠩᠭᠦ᠂ ᠲᠥᠷᠥᠯ ᠵᠦᠢᠯ᠂ ᠲᠠᠪᠴᠠᠩ᠂ ᠴᠢᠳᠠᠪᠤᠷᠢᠲᠠᠨ ᠵᠡᠷᠭᠡ ᠵᠠᠩᠭᠢᠯᠠᠭ᠎ᠠ ᠶᠢᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠰᠢᠰᠲ᠋ᠧᠮ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠡᠨᠡ ᠵᠢᠯ ᠤᠨ ᠭᠤᠣᠯᠳᠠᠯᠭ᠎ᠠ ᠲᠠᠢ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠴᠣᠭᠴᠠᠯᠠᠵᠤ᠂ ᠢᠷᠡᠬᠦ ᠵᠢᠯ ᠴᠢᠨᠠᠭᠰᠢᠯᠠᠪᠠᠯ ᠬᠤᠶᠢᠰᠢᠳᠠ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠢᠳᠡᠪᠬᠢᠲᠡᠢ ᠲᠥᠯᠥᠪᠵᠢᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠶᠡᠭᠡ ᠪᠠᠷ ᠪᠣᠶᠢᠵᠢᠭᠤᠯᠤᠨ ᠬᠥᠭᠵᠢᠭᠦᠯᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ ᠰᠢᠶᠠᠨ ᠤ ᠨᠠᠮ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠤ ᠠᠵᠢᠯ ᠤᠨ ᠲᠤᠬᠠᠢ ᠡᠯ᠎ᠡ ᠵᠦᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠤᠰ ᠲᠤᠰ ᠤᠨ ᠳᠠᠪᠠᠭᠤᠯᠢᠭ ᠲᠠᠭᠠᠨ ᠰᠠᠭᠤᠷᠢᠯᠠᠵᠤ᠂ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠬᠡᠷᠡᠭᠲᠡᠢ᠃ ᠰᠢᠨ᠎ᠡ ᠶᠢ ᠡᠭᠦᠳᠬᠦ ᠬᠦᠴᠦᠨ ᠵᠦᠢᠯ ᠢᠶᠠᠷ ᠠᠵᠤ ᠦᠢᠯᠡᠰ ᠤᠨ ᠬᠥᠭᠵᠢᠯᠲᠡ ᠳᠤ ᠡᠨᠧᠷᠭᠢ ᠣᠯᠭᠤᠬᠤ ᠶᠢ ᠴᠢᠬᠤᠯᠠᠴᠢᠯᠠᠵᠤ᠂ ᠲᠤᠰ ᠪᠡᠶ᠎ᠡ ᠶᠢᠨ ᠡᠬᠢ ᠪᠠᠶᠠᠯᠢᠭ ᠤᠨ ᠣᠷᠣᠨ ᠵᠠᠢ ᠶᠢᠨ ᠳᠠᠯᠳᠠ ᠬᠦᠴᠦᠨ ᠢᠶᠠᠨ ᠲᠣᠳᠣᠷᠬᠠᠢ ᠣᠶᠢᠯᠠᠭᠠᠵᠤ᠂ ᠲᠤᠰᠬᠠᠢ ᠮᠡᠷᠭᠡᠵᠢᠯᠲᠡᠨ ᠤ ᠭᠦᠢᠴᠡᠳ ᠨᠤᠲᠠᠯᠠᠯᠲᠠ ᠪᠠᠷ ᠳᠠᠮᠵᠢᠨ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠷᠠᠭᠤᠯᠬᠤ ᠬᠡᠷᠡᠭᠲᠡᠢ᠃ ᠪᠦᠲᠦᠴᠡ ᠶᠢ ᠲᠣᠬᠢᠷᠠᠭᠤᠯᠬᠤ᠂ ᠰᠠᠭᠤᠷᠢ ᠶᠢ ᠪᠠᠲᠤᠳᠬᠠᠬᠤ᠂ ᠣᠷᠴᠢᠨ ᠠᠬᠤᠢ ᠶᠢ ᠰᠢᠯᠢᠳᠡᠭᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠵᠢᠭᠤᠯᠴᠢᠯᠠᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠣᠨᠴᠠᠯᠢᠭᠲᠤ ᠲᠠᠷᠢᠮᠠᠯ ᠲᠡᠵᠢᠭᠡᠪᠦᠷᠢ ᠶᠢᠨ ᠦᠢᠯᠡᠰ᠂ ᠲᠥᠪᠯᠡᠷᠡᠭᠦᠯᠦᠨ ᠬᠠᠰᠢᠶᠠᠯᠠᠨ ᠲᠡᠵᠢᠭᠡᠬᠦ ᠵᠢᠴᠢ ︽ᠬᠤᠭᠤᠰᠤᠨ ᠲᠣᠰᠬᠤᠨ︾ ᠢ ᠴᠡᠭᠴᠡᠯᠡᠨ ᠵᠠᠰᠠᠬᠤ ᠠᠵᠢᠯ ᠢ ᠶᠡᠬᠡᠪᠡᠷ ᠬᠥᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢ ᠲᠠᠷᠢᠶᠠᠴᠢᠳ ᠤᠨ ᠪᠠᠶᠠᠵᠢᠬᠤ᠂ ᠬᠠᠮᠲᠤ ᠶᠢᠨ ᠣᠷᠣᠯᠭ᠎ᠠ ᠶᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠭᠠᠬᠤ ᠶᠢ ᠪᠠᠷᠢᠮᠲᠠᠯᠠᠵᠤ᠂ ︽ᠠᠮᠢ ᠠᠬᠤᠢ ᠪᠠᠷ ᠦᠨᠳᠦᠰᠦ ᠪᠣᠯᠭᠠᠬᠤ᠂ ᠠᠵᠤ ᠦᠢᠯᠡᠰ ᠢᠶᠠᠷ ᠠᠷᠠᠳ ᠢ ᠪᠠᠶᠠᠵᠢᠭᠤᠯᠬᠤ᠂ ᠲᠠᠷᠢᠶᠠᠯᠠᠩ ᠵᠢᠭᠤᠯᠴᠢᠯᠠᠯ ᠢ ᠠᠭᠤᠰᠤᠯᠴᠠᠭᠤᠯᠬᠤ᠂ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ︾ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃  ︵ᠰᠣᠷᠪᠤᠯᠵᠢᠯᠠᠬᠴᠢ ᠮᠠ ᠾᠦᠢ ᠮᠢᠨ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号