ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠢᠯᠭᠠᠷᠠᠭᠤᠯᠤᠨ ᠡᠮᠬᠢᠯᠡᠨ ᠨᠡᠶᠢᠯᠡᠭᠦᠯᠬᠦ ᠠᠵᠢᠯ ᠢ ᠥᠷᠨᠢᠭᠦᠯᠬᠦ ᠲᠤᠬᠠᠢ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/6/14
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠡᠯ᠎ᠡ ᠶᠠᠮᠤᠨ ᠵᠥᠪᠯᠡᠯ ᠠᠯᠪᠠᠨ ᠭᠡᠷ ᠲᠣᠪᠴᠢᠶ᠎ᠠ᠂ ᠡᠯ᠎ᠡ ᠠᠵᠢᠯ ᠦᠢᠯᠡᠰ ᠤᠨ ᠨᠢᠭᠡᠴᠢ ᠳᠤ᠄    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠲᠤᠭ᠎ᠠ ᠪᠠᠷᠢᠮᠲᠠ ᠶᠢᠨ ᠪᠠᠬᠢᠯᠡᠯᠲᠡ ᠶᠢ ᠬᠦᠴᠦᠯᠡᠨ ᠡᠪᠳᠡᠵᠦ᠂ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠲᠠᠪᠴᠠᠩ ᠢ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠠᠴᠠ ᠵᠠᠶᠢᠯᠠᠰᠬᠢᠵᠦ᠂ ᠮᠡᠳᠡᠭᠡ ᠵᠠᠩᠭᠢ ᠶᠢᠨ ᠰᠢᠰᠲ᠋ᠧᠮ ᠤᠨ ᠠᠵᠢᠯᠯᠠᠭᠠᠨ ᠤ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠥᠯᠥᠭᠡ᠂ ᠡᠳᠦᠭᠡ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠪᠠ ᠲᠤᠭ᠎ᠠ ᠪᠠᠷᠢᠮᠲᠠ ᠶᠢᠨ ᠲᠠᠪᠴᠠᠩ ᠢ ᠢᠯᠭᠠᠷᠠᠭᠤᠯᠤᠨ ᠡᠮᠬᠢᠯᠡᠨ ᠨᠡᠶᠢᠯᠡᠭᠦᠯᠬᠦ ᠠᠵᠢᠯ ᠢ ᠥᠷᠨᠢᠭᠦᠯᠬᠦ ᠪᠠᠷ ᠪᠣᠢ᠂ ᠬᠠᠮᠢᠶ᠎ᠠ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄    ᠨᠢᠭᠡ᠂ ᠥᠪᠡᠷ ᠢᠶᠠᠨ ᠪᠠᠶᠢᠴᠠᠭᠠᠬᠤ ᠪᠠ ᠢᠯᠭᠠᠷᠠᠭᠤᠯᠤᠨ ᠡᠮᠬᠢᠯᠡᠨ ᠨᠡᠶᠢᠯᠡᠭᠦᠯᠬᠦ ᠠᠵᠢᠯ ᠢ ᠥᠷᠨᠢᠭᠦᠯᠦᠨ᠎ᠡ    ᠰᠢᠶᠠᠨ ᠤ ᠬᠠᠷᠢᠶ᠎ᠠ ᠡᠯ᠎ᠡ ᠰᠠᠯᠠᠭ᠎ᠠ ᠮᠥᠴᠢᠷ ᠤᠳ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠬᠡᠷᠡᠭᠯᠡᠯᠲᠡ ᠶᠢᠨ ᠪᠠᠶᠢᠳᠠᠯ ᠢ ᠬᠢᠨᠠᠮᠠᠭᠠᠢ ᠡᠮᠬᠢᠯᠡᠵᠦ᠂ ᠥᠩᠭᠡᠷᠡᠭᠰᠡᠨ ᠵᠢᠯ ᠤᠳ ᠲᠤ ᠪᠠᠶᠢᠭᠤᠯᠤᠭᠰᠠᠨ ᠬᠡᠷᠡᠭᠯᠡᠯᠲᠡ ᠶᠢᠨ ᠨᠣᠷᠮ᠎ᠠ ᠥᠨᠳᠥᠷ ᠪᠢᠰᠢ᠂ ᠡᠮᠬᠢᠯᠡᠨ ᠨᠡᠶᠢᠯᠡᠭᠦᠯᠵᠦ ᠪᠣᠯᠬᠤ᠂ ᠴᠢᠳᠠᠮᠵᠢ  ᠨᠢ ᠨᠢᠭᠡᠨᠲᠡ ᠪᠤᠰᠤᠳ ᠰᠢᠰᠲ᠋ᠧᠮ ᠢᠶᠠᠷ ᠣᠷᠣᠯᠠᠭᠳᠠᠭᠰᠠᠨ᠂ ᠰᠣᠬᠤᠷ ᠪᠠᠯᠠᠢ ᠪᠠᠷ ᠰᠠᠯᠬᠢ ᠶᠢ ᠳᠠᠭᠠᠵᠤ ᠳᠠᠪᠬᠤᠷᠳᠠᠭᠤᠯᠤᠨ ᠠᠰᠢᠭᠯᠠᠯᠲᠠ ᠳᠤ ᠣᠷᠣᠭᠤᠯᠵᠤ ᠪᠠᠶᠢᠭᠤᠯᠤᠭᠰᠠᠨ ᠮᠡᠳᠡᠭᠡ ᠵᠠᠩᠭᠢ ᠶᠢᠨ ᠰᠢᠰᠲ᠋ᠧᠮ ᠪᠠ ᠲᠤᠭ᠎ᠠ ᠪᠠᠷᠢᠮᠲᠠ ᠶᠢᠨ ᠲᠠᠪᠴᠠᠩ ᠳᠤ ᠭᠤᠣᠯᠳᠠᠯᠭ᠎ᠠ ᠲᠠᠢ ᠪᠠᠷ ᠪᠥᠬᠦ ᠲᠠᠯ᠎ᠠ ᠪᠠᠷ ᠥᠪᠡᠷ ᠢ ᠪᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃    ︵ᠨᠢᠭᠡ︶ ᠬᠡᠷᠡᠭᠯᠡᠯᠲᠡ ᠶᠢᠨ ᠨᠣᠷᠮ᠎ᠠ ᠨᠢ ᠥᠨᠳᠥᠷ ᠪᠤᠰᠤ᠂ ᠡᠮᠬᠢᠯᠡᠨ ᠨᠡᠶᠢᠯᠡᠭᠦᠯᠵᠦ ᠪᠣᠯᠬᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠪᠤᠶᠤ ᠳ᠋ᠠᠶᠢᠲ᠋ᠠ ᠶᠢᠨ ᠲᠠᠪᠴᠠᠩ ᠢ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠰᠢᠰᠲ᠋ᠧᠮ ᠤᠨ ᠴᠢᠳᠠᠮᠵᠢ᠂ ᠬᠡᠷᠡᠭᠯᠡᠬᠦ ᠬᠡᠪᠴᠢᠶ᠎ᠡ᠂ ᠬᠡᠷᠡᠭᠯᠡᠬᠦ ᠳᠠᠪᠲᠠᠮᠵᠢ᠂ ᠳ᠋ᠠᠶᠢᠲ᠋ᠠ ᠶᠢᠨ ᠡᠬᠢ ᠪᠠᠶᠠᠯᠢᠭ ᠵᠡᠷᠭᠡ ᠪᠠᠶᠢᠳᠠᠯ ᠢ ᠬᠢᠨᠠᠮᠠᠭᠠᠢ ᠦᠨᠡᠯᠡᠨ ᠵᠢᠱᠢᠵᠦ᠂ ᠰᠢᠰᠲ᠋ᠧᠮ ᠤᠨ ᠴᠢᠳᠠᠮᠵᠢ ᠶᠢ ᠨᠡᠶᠢᠯᠡᠭᠦᠯᠬᠦ ᠪᠤᠶᠤ ᠢᠯᠭᠠᠷᠠᠭᠤᠯᠤᠨ ᠡᠮᠬᠢᠯᠡᠨ ᠨᠡᠶᠢᠯᠡᠭᠦᠯᠵᠦ᠂ ᠬᠠᠭᠠᠵᠤ ᠵᠣᠭᠰᠣᠭᠠᠵᠤ ᠪᠣᠯᠬᠤ ᠶᠢ ᠨᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠦᠯᠵᠢᠶᠡᠨ ᠳᠡᠭᠡᠷ᠎ᠡ ᠬᠠᠭᠠᠵᠤ ᠵᠣᠭᠰᠤᠭᠠᠬᠤ ᠶᠢᠨ ᠬᠠᠮᠲᠤ᠂ ᠳ᠋ᠠᠶᠢᠲ᠋ᠠ ᠶᠢᠨ ᠪᠡᠯᠡᠳᠬᠡᠯ ᠪᠠ ᠳ᠋ᠠᠶᠢᠲ᠋ᠠ ᠶᠢᠨ ᠠᠮᠤᠷ ᠲᠦᠪᠰᠢᠨ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃    ︵ᠬᠤᠶᠠᠷ︶ ᠪᠣᠳᠠᠲᠠᠢ ᠲᠤᠬᠠᠶᠢᠯᠠᠭᠰᠠᠨ ᠠᠵᠢᠯ ᠤᠨ ᠴᠤᠪᠤᠷᠠᠯ ᠠᠴᠠ ᠰᠠᠯᠤᠭᠰᠠᠨ᠂ ᠴᠢᠳᠠᠮᠵᠢ ᠨᠢ ᠪᠤᠰᠤᠳ ᠰᠢᠰᠲ᠋ᠧᠮ ᠳᠤ ᠣᠷᠣᠯᠠᠭᠳᠠᠭᠰᠠᠨ᠂ ᠣᠷᠳᠣ ᠬᠤᠭᠤᠴᠠᠭ᠎ᠠ ᠪᠠᠷ ᠰᠤᠯᠠ ᠰᠡᠯᠡᠭᠦᠦ ᠪᠠᠶᠢᠳᠠᠯ ᠳᠤ ᠣᠷᠣᠰᠢᠵᠤ᠂ ᠲᠤᠭ᠎ᠠ ᠪᠠᠷᠢᠮᠲᠠ ᠶᠢ ᠪᠠᠶᠢᠴᠠᠭᠠᠬᠤ ᠳᠤ ᠪᠡᠯᠡᠳᠬᠡᠭᠰᠡᠨ᠂ ᠠᠵᠢᠯᠯᠠᠭᠠᠨ ᠨᠢ ᠵᠣᠭᠰᠣᠭᠰᠠᠨ ᠪᠠ ᠦᠢᠯᠡᠴᠢᠯᠡᠭᠡᠨ ᠤ ᠠᠮᠤᠷ ᠲᠦᠪᠰᠢᠨ ᠤ ᠲᠦᠭᠰᠢᠭᠦᠷᠢ ᠨᠡᠯᠢᠶᠡᠳ ᠥᠨᠳᠥᠷ ᠪᠠᠶᠢᠬᠤ᠂ ᠵᠢᠴᠢ ᠬᠡᠷᠡᠭᠯᠡᠬᠦ ᠬᠡᠪᠴᠢᠶ᠎ᠡ ᠪᠠᠭ᠎ᠠ᠂ ᠬᠡᠷᠡᠭᠯᠡᠬᠦ ᠳᠠᠪᠲᠠᠮᠵᠢ ᠳᠣᠣᠷ᠎ᠠ ︽ᠦᠬᠦᠰᠢᠷᠡᠮᠡᠯ︾ ︽ᠬᠤᠭᠤᠰᠤᠨ︾ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠪᠤᠶᠤ ᠲᠤᠭ᠎ᠠ ᠪᠠᠷᠢᠮᠲᠠ ᠶᠢᠨ ᠲᠠᠪᠴᠠᠩ ᠳᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠦᠯᠵᠢᠶᠡᠨ ᠳᠡᠭᠡᠷ᠎ᠡ ᠬᠠᠭᠠᠵᠤ ᠵᠣᠭᠰᠤᠭᠠᠬᠤ ᠶᠢᠨ ᠬᠠᠮᠲᠤ᠂ ᠲᠤᠭ᠎ᠠ ᠪᠠᠷᠢᠮᠲᠠ ᠶᠢᠨ ᠪᠡᠯᠡᠳᠬᠡᠯ ᠵᠢᠴᠢ ᠲᠤᠭ᠎ᠠ ᠪᠠᠷᠢᠮᠲᠠ ᠶᠢᠨ ᠠᠮᠤᠷ ᠲᠦᠪᠰᠢᠨ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃    ︵ᠭᠤᠷᠪᠠ︶ ᠳ᠋ᠠᠶᠢᠲ᠋ᠠ ᠶᠢ ᠳᠠᠪᠬᠤᠷᠳᠠᠭᠤᠯᠤᠨ ᠴᠤᠭᠯᠠᠭᠤᠯᠬᠤ᠂ ᠳ᠋ᠠᠶᠢᠲ᠋ᠠ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠬᠦ ᠶᠢᠨ ᠠᠷᠭ᠎ᠠ ᠦᠭᠡᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠪᠤᠶᠤ ᠳ᠋ᠠᠶᠢᠲ᠋ᠠ ᠶᠢᠨ ᠲᠠᠪᠴᠠᠩ ᠳᠤ ᠳ᠋ᠠᠶᠢᠲ᠋ᠠ ᠶᠢ ᠬᠠᠮᠲᠤᠪᠠᠷ ᠭᠥᠷᠳᠡᠬᠦ ᠱᠠᠭᠠᠷᠳᠠᠯᠭ᠎ᠠ ᠶᠣᠰᠣᠭᠠᠷ᠂ ᠳ᠋ᠠᠶᠢᠲ᠋ᠠ ᠶᠢᠨ ᠵᠠᠯᠭᠠᠭᠠᠰᠤ᠂ ᠳ᠋ᠠᠶᠢᠲ᠋ᠠ ᠶᠢ ᠬᠠᠮᠲᠤᠪᠠᠷ ᠭᠥᠷᠳᠡᠬᠦ᠂ ᠴᠢᠳᠠᠮᠵᠢ ᠶᠢ ᠨᠡᠶᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳ᠋ᠠᠶᠢᠲ᠋ᠠ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠵᠦ᠂ ᠳ᠋ᠠᠶᠢᠲ᠋ᠠ ᠶᠢ ᠳᠠᠪᠬᠤᠷᠳᠠᠭᠤᠯᠤᠨ ᠴᠤᠭᠯᠠᠭᠤᠯᠬᠤ ᠠᠴᠠ ᠵᠠᠶᠢᠯᠠᠰᠬᠢᠵᠦ᠂ ᠳ᠋ᠠᠶᠢᠲ᠋ᠠ ᠶᠢ ᠳᠠᠪᠬᠤᠷᠳᠠᠭᠤᠯᠤᠨ ᠴᠤᠭᠯᠠᠭᠤᠯᠬᠤ ᠰᠢᠰᠲ᠋ᠧᠮ ᠢ ᠡᠷᠬᠡᠪᠰᠢ ᠰᠦᠯᠵᠢᠶᠡᠨ ᠠᠴᠠ ᠭᠠᠳᠠᠭᠤᠷ ᠬᠠᠭᠠᠵᠤ ᠵᠣᠭᠰᠤᠭᠠᠬᠤ ᠶᠢᠨ ᠬᠠᠮᠲᠤ ᠳ᠋ᠠᠶᠢᠲ᠋ᠠ ᠶᠢᠨ ᠪᠡᠯᠡᠳᠬᠡᠯ ᠪᠠ ᠳ᠋ᠠᠶᠢᠲ᠋ᠠ ᠶᠢᠨ ᠠᠮᠤᠷ ᠲᠦᠪᠰᠢᠨ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃    ︵ᠳᠥᠷᠪᠡ︶ ᠳᠡᠭᠡᠷ᠎ᠡ ᠳᠤᠷᠠᠳᠤᠭᠰᠠᠨ ᠪᠠᠶᠢᠳᠠᠯ ᠣᠷᠣᠰᠢᠵᠤ ᠪᠠᠶᠢᠬᠤ ᠪᠥᠭᠡᠳ ᠵᠠᠰᠠᠭ ᠤᠨ ᠶᠠᠪᠤᠳᠠᠯ ᠤᠨ ᠡᠭᠦᠯᠡᠨ ᠡᠬᠢ ᠪᠠᠶᠠᠯᠢᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠪᠤᠶᠤ ᠳ᠋ᠠᠶᠢᠲ᠋ᠠ ᠶᠢᠨ ᠲᠠᠪᠴᠠᠩ ᠢ ᠤᠷᠲᠤ ᠬᠤᠭᠤᠴᠠᠭ᠎ᠠ ᠪᠠᠷ ᠡᠵᠡᠯᠡᠨ ᠬᠡᠷᠡᠭᠯᠡᠵᠦ ᠪᠠᠶᠢᠭ᠎ᠠ ᠪᠠᠶᠢᠳᠠᠯ ᠳᠤ᠂ ᠰᠢᠰᠲ᠋ᠧᠮ ᠤᠨ ᠬᠡᠷᠡᠭᠯᠡᠵᠦ ᠬᠠᠮᠢᠶᠠᠷᠬᠤ ᠨᠢᠭᠡᠴᠢ ᠨᠦᠭᠦᠳ ᠳᠠᠷᠤᠶᠢᠬᠠᠨ ᠢᠯᠭᠠᠷᠠᠭᠤᠯᠤᠨ ᠡᠮᠬᠢᠯᠡᠨ ᠨᠡᠶᠢᠯᠡᠭᠦᠯᠵᠦ᠂ ᠳ᠋ᠠᠶᠢᠲ᠋ᠠ ᠶᠢᠨ ᠪᠡᠯᠡᠳᠬᠡᠯ ᠪᠠ ᠳ᠋ᠠᠶᠢᠲ᠋ᠠ ᠶᠢᠨ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠶᠢᠨ ᠬᠠᠮᠲᠤ ᠴᠠᠭ ᠲᠤᠬᠠᠢ ᠳᠤᠨᠢ ᠵᠠᠰᠠᠭ ᠤᠨ ᠶᠠᠪᠤᠳᠠᠯ ᠤᠨ ᠡᠭᠦᠯᠡᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠵᠠᠰᠠᠭ ᠤᠨ ᠶᠠᠪᠤᠳᠠᠯ ᠤᠨ ᠡᠭᠦᠯᠡᠨ ᠡᠬᠢ ᠪᠠᠶᠠᠯᠢᠭ ᠢ ᠰᠤᠯᠠᠯᠠᠬᠤ ᠪᠠᠷ ᠭᠤᠶᠤᠴᠢᠯᠠᠬᠤ ᠬᠡᠷᠡᠭᠲᠡᠢ᠃    ︵ᠲᠠᠪᠤ︶ ᠡᠯ᠎ᠡ ᠰᠠᠯᠠᠭ᠎ᠠ ᠮᠥᠴᠢᠷ ᠤᠨ ᠥᠪᠡᠰᠦᠪᠡᠨ ᠪᠠᠶᠢᠭᠤᠯᠤᠭᠰᠠᠨ ᠮᠠᠰᠢᠨ ᠤ ᠥᠷᠥᠭᠡ ᠳᠤ ᠪᠠᠶᠢᠷᠢᠯᠠᠭᠤᠯᠤᠭᠰᠠᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠪᠤᠶᠤ ᠳ᠋ᠠᠶᠢᠲ᠋ᠠ ᠶᠢᠨ ᠲᠠᠪᠴᠠᠩ ᠳᠤ᠂ ᠡᠭᠦᠯᠡᠨ ᠲᠠᠪᠴᠠᠩ ᠳᠤ ᠭᠠᠷᠴᠤ ᠳᠡᠶᠢᠯᠬᠦ ᠶᠢ ᠨᠢ ᠳᠠᠷᠤᠢ ᠲᠦᠷᠭᠡᠨ ᠰᠢᠯᠵᠢᠭᠦᠯᠦᠨ ᠭᠠᠷᠭᠠᠵᠤ᠂ ᠰᠠᠯᠠᠭ᠎ᠠ ᠮᠥᠴᠢᠷ ᠤᠨ ᠥᠪᠡᠰᠦᠪᠡᠨ ᠪᠠᠶᠢᠭᠤᠯᠤᠭᠰᠠᠨ ᠮᠠᠰᠢᠨ ᠤ ᠭᠡᠷ ᠢ ᠢᠯᠭᠠᠷᠠᠭᠤᠯᠤᠨ ᠨᠡᠶᠢᠯᠡᠭᠦᠯᠦᠨ᠎ᠡ᠃ ᠡᠭᠦᠨ ᠤ ᠬᠠᠮᠲᠤ᠂ ᠡᠯ᠎ᠡ ᠰᠠᠯᠠᠭ᠎ᠠ ᠮᠥᠴᠢᠷ ᠤᠳ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠢᠳᠡᠪᠬᠢᠲᠡᠢ ᠪᠠᠷ ᠨᠡᠪᠲᠡᠷᠡᠯᠴᠡᠨ ᠵᠣᠯᠭᠠᠭᠤᠯᠵᠤ᠂ ᠵᠠᠰᠠᠭ ᠤᠨ ᠶᠠᠪᠤᠳᠠᠯ ᠤᠨ ᠲᠤᠰᠬᠠᠢ ᠰᠦᠯᠵᠢᠶ᠎ᠡ ᠬᠢᠭᠡᠳ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠶᠢ ᠡᠮᠬᠢᠯᠡᠨ ᠨᠡᠶᠢᠯᠡᠭᠦᠯᠵᠦ ᠵᠣᠯᠭᠠᠭᠤᠯᠬᠤ ᠠᠵᠢᠯ ᠢ ᠥᠷᠨᠢᠭᠦᠯᠬᠦ ᠬᠡᠷᠡᠭᠲᠡᠢ᠃    ᠬᠤᠶᠠᠷ᠂ ᠬᠠᠮᠢᠶ᠎ᠠ ᠪᠦᠬᠦᠢ ᠱᠠᠭᠠᠷᠳᠠᠯᠭ᠎ᠠ    ᠡᠯ᠎ᠡ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠡᠭᠡᠷ᠎ᠡ ᠳᠤᠷᠠᠳᠤᠭᠰᠠᠨ ᠡᠭᠦᠷᠭᠡ ᠶᠣᠰᠣᠭᠠᠷ ᠥᠪᠡᠰᠦᠪᠡᠨ ᠪᠠᠶᠢᠴᠠᠭᠠᠵᠤ ᠢᠯᠭᠠᠷᠠᠭᠤᠯᠤᠨ ᠡᠮᠬᠢᠯᠡᠨ ᠨᠡᠶᠢᠯᠡᠭᠦᠯᠬᠦ ᠠᠵᠢᠯ ᠢ ᠥᠷᠨᠢᠭᠦᠯᠵᠦ᠂ ᠠᠵᠢᠯ ᠤᠨ ᠠᠬᠢᠴᠠ ᠶᠢᠨ ᠪᠠᠶᠢᠳᠠᠯ ᠵᠢᠴᠢ ᠮᠡᠳᠡᠭᠡ ᠵᠠᠩᠭᠢ ᠶᠢᠨ ᠰᠢᠰᠲ᠋ᠧᠮ ᠤᠨ ᠡᠮᠬᠢᠯᠡᠨ ᠨᠡᠶᠢᠯᠡᠭᠦᠯᠬᠦ ᠬᠦᠰᠦᠨᠦᠭᠲᠦ ᠶᠢ ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠵᠦ᠂ 2024 ᠣᠨ ᠤ 6 ᠰᠠᠷ᠎ᠠ ᠶᠢᠨ 30 ᠤ ᠡᠳᠦᠷ ᠠᠴᠠ ᠡᠮᠦᠨ᠎ᠡ ᠠᠩᠬ᠎ᠠ ᠤᠳᠠᠭ᠎ᠠ ᠮᠡᠳᠡᠭᠦᠯᠦᠨ ᠬᠦᠷᠭᠡᠵᠦ᠂ ᠦᠷᠭᠦᠯᠵᠢᠯᠡᠨ ᠰᠠᠷ᠎ᠠ ᠪᠦᠷᠢ ᠮᠡᠳᠡᠭᠦᠯᠦᠨ ᠬᠦᠷᠭᠡᠬᠦ ᠶᠢᠨ ᠬᠠᠮᠲᠤ᠂ 2024 ᠣᠨ ᠤ 9 ᠰᠠᠷ᠎ᠠ ᠶᠢᠨ ᠰᠡᠭᠦᠯᠴᠢ ᠠᠴᠠ ᠡᠮᠦᠨ᠎ᠡ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠪᠤᠶᠤ ᠲᠤᠭ᠎ᠠ ᠪᠠᠷᠢᠮᠲᠠ ᠶᠢᠨ ᠲᠠᠪᠴᠠᠩ ᠢ ᠢᠯᠭᠠᠷᠠᠭᠤᠯᠤᠨ ᠡᠮᠬᠢᠯᠡᠨ ᠨᠡᠶᠢᠯᠡᠭᠦᠯᠬᠦ ᠠᠵᠢᠯ ᠢ ᠪᠥᠬᠦ ᠲᠠᠯ᠎ᠠ ᠪᠠᠷ ᠪᠡᠶᠡᠯᠡᠭᠦᠯᠦᠨ᠎ᠡ᠃    ᠳᠠᠭᠠᠯᠳᠤᠭᠤᠯᠤᠯ᠄ ᠮᠡᠳᠡᠭᠡ ᠵᠠᠩᠭᠢ ᠶᠢᠨ ᠱᠢᠰᠲ᠋ᠧᠮ ᠡᠮᠬᠢᠯᠡᠨ ᠨᠡᠶᠢᠯᠡᠭᠦᠯᠬᠦ ᠬᠦᠰᠦᠨᠦᠭᠲᠦ                                         ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ                                            2024 ᠣᠨ ᠤ 6 ᠰᠠᠷ᠎ᠠ ᠶᠢᠨ 14 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号