ᠨᠢᠭᠤᠴᠠ ᠳᠤ ᠦᠯᠦ ᠬᠤᠯᠪᠣᠭᠳᠠᠬᠤ ᠮᠡᠳᠡᠭᠡ ᠵᠠᠩᠭᠢ ᠶᠢᠨ ᠰᠢᠰᠲ᠋ᠧᠮ ᠪᠠ ᠨᠠᠶᠢᠳᠠᠨ ᠬᠠᠮᠢᠶᠠᠷᠤᠭᠤᠯᠬᠤ ᠦᠢᠯᠡᠴᠢᠯᠡᠭᠦᠷ ᠢ ᠨᠡᠭᠦᠯᠭᠡᠨ ᠰᠢᠯᠵᠢᠭᠦᠯᠬᠦ ᠲᠤᠬᠠᠢ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/6/14
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠡᠯ᠎ᠡ ᠶᠠᠮᠤᠨ ᠵᠥᠪᠯᠡᠯ ᠠᠯᠪᠠᠨ ᠭᠡᠷ ᠲᠣᠪᠴᠢᠶ᠎ᠠ᠂ ᠡᠯ᠎ᠡ ᠠᠵᠢᠯ ᠦᠢᠯᠡᠰ ᠤᠨ ᠨᠢᠭᠡᠴᠢ ᠳᠤ᠄    ︽ᠲᠣᠭᠠᠴᠢᠯᠠᠭᠰᠠᠨ ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠤᠰᠬᠠᠢ ᠲᠥᠯᠦᠪᠵᠢᠭᠦᠯᠭᠡ︾ ᠬᠢᠭᠡᠳ ︽ᠬᠥᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠢᠭᠤᠴᠠ ᠳᠤ ᠥᠯᠥ ᠬᠤᠯᠪᠣᠭᠳᠠᠬᠤ ᠮᠡᠳᠡᠭᠡ ᠵᠠᠩᠭᠢ ᠶᠢᠨ ᠰᠢᠰᠲ᠋ᠧᠮ ᠢ ᠨᠡᠭᠦᠯᠭᠡᠨ ᠰᠢᠯᠵᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠰᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠨᠢᠭᠤᠴᠠ ᠳᠤ ᠥᠯᠥ ᠬᠤᠯᠪᠣᠭᠳᠠᠬᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ᠂ ᠡᠯ᠎ᠡ ᠨᠢᠭᠡᠴᠢ ᠶᠢᠨ ᠴᠢᠯᠦᠭᠡᠲᠦ ᠮᠠᠰᠢᠨ ᠤ ᠭᠡᠷ ᠢ ᠬᠠᠮᠠᠭᠠᠯᠠᠬᠤ ᠮᠡᠷᠭᠡᠵᠢᠯ ᠪᠠ ᠪᠡᠯᠡ ᠮᠥᠩᠭᠦ ᠶᠢᠨ ᠳᠠᠷᠤᠯᠲᠠ ᠶᠢ ᠬᠥᠩᠭᠡᠷᠡᠭᠦᠯᠬᠦ ᠶᠢᠨ ᠲᠤᠰᠠᠳᠠ᠂ ᠨᠢᠭᠤᠴᠠ ᠳᠤ ᠦᠯᠦ ᠬᠤᠯᠪᠣᠭᠳᠠᠬᠤ ᠮᠡᠳᠡᠭᠡ ᠵᠠᠩᠭᠢ ᠶᠢᠨ ᠰᠢᠰᠲ᠋ᠧᠮ ᠪᠠ ᠨᠠᠶᠢᠳᠠᠨ ᠬᠠᠮᠢᠶᠠᠷᠤᠭᠤᠯᠬᠤ ᠦᠢᠯᠡᠴᠢᠯᠡᠭᠦᠷ ᠢ ᠨᠡᠭᠦᠯᠭᠡᠨ ᠰᠢᠯᠵᠢᠭᠦᠯᠬᠦ ᠰᠠᠨᠠᠭ᠎ᠠ ᠲᠠᠢ ᠨᠢᠭᠡᠴᠢ ᠲᠤᠰᠬᠠᠢ ᠬᠥᠮᠥᠨ ᠲᠣᠬᠢᠷᠠᠭᠤᠯᠤᠨ ᠵᠢᠭᠰᠠᠭᠠᠨ ᠪᠠᠶᠢᠴᠠᠭᠠᠬᠤ ᠶᠢᠨ ᠬᠠᠮᠲᠤ᠂ ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠲᠠᠢ ᠴᠠᠭ ᠲᠤᠬᠠᠢ ᠳᠤᠨᠢ ᠬᠠᠷᠢᠯᠴᠠᠨ᠎ᠠ᠂ ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠰᠢᠯᠵᠢᠭᠦᠯᠦᠨ ᠨᠡᠭᠦᠯᠭᠡᠬᠦ ᠬᠡᠷᠡᠭᠴᠡᠭᠡ ᠪᠦᠬᠦᠢ ᠨᠢᠭᠡᠴᠢ ᠶᠢ ᠬᠠᠪᠰᠤᠷᠤᠨ ᠮᠠᠰᠢᠨ ᠤ ᠭᠡᠷ ᠤᠨ ᠪᠡᠯᠡᠳᠬᠡᠮᠵᠢ ᠶᠢ ᠵᠠᠰᠠᠭ ᠤᠨ ᠶᠠᠪᠤᠳᠠᠯ ᠤᠨ ᠡᠭᠦᠯᠡᠨ ᠮᠠᠰᠢᠨ ᠤ ᠥᠷᠥᠭᠡ ᠳᠤ ᠨᠠᠶᠢᠳᠠᠨ ᠬᠠᠮᠢᠶᠠᠷᠤᠭᠤᠯᠵᠤ᠂ ᠨᠢᠭᠤᠴᠠ ᠳᠤ ᠥᠯᠥ ᠬᠤᠯᠪᠣᠭᠳᠠᠬᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ ᠳᠤ ᠰᠢᠯᠵᠢᠭᠦᠯᠦᠨ᠎ᠡ᠃                                      ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ                                        2024 ᠣᠨ ᠤ 6 ᠰᠠᠷ᠎ᠠ ᠶᠢᠨ 14 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号