ᠪᠦᠭᠦ ᠣᠷᠣᠨ ᠤ ᠠᠩᠬᠠᠳᠠᠭᠴᠢ ᠢᠲᠡᠭᠡᠮᠵᠢ ᠶᠢᠨ ᠵᠠᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠵᠥᠪᠯᠡᠯ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/6/14
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ ᠣᠶᠢᠯᠠᠭᠠᠭᠰᠠᠨ  ᠢᠶᠠᠷ᠂ ᠲᠦᠷᠦᠭᠦᠬᠡᠨ ᠲᠦᠩᠯᠢᠶᠣᠣ ᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠢᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠠᠵᠤ ᠠᠬᠤᠶᠢᠯᠠᠯ ᠤᠨ ᠢᠲᠡᠭᠡᠮᠵᠢ ᠶᠢᠨ ᠵᠠᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠵᠥᠪᠯᠡᠯ ᠢ ᠪᠠᠶᠢᠭᠤᠯᠪᠠ᠃      ᠢᠲᠡᠭᠡᠮᠵᠢ ᠶᠢᠨ ᠵᠠᠭᠤᠷᠠᠯᠳᠤᠭᠠᠨ ᠢ ᠡᠶᠡᠳᠡᠭᠦᠯᠬᠦ ᠵᠥᠪᠯᠡᠯ ᠨᠢ ᠳᠥᠭᠦᠮ ᠳᠥᠲᠡ᠂ ᠲᠤᠰᠬᠠᠢ ᠮᠡᠷᠭᠡᠵᠢᠯ ᠤᠨ᠂ ᠰᠢᠨᠵᠢᠯᠡᠬᠦ ᠤᠬᠠᠭᠠᠨ ᠲᠸᠭᠨᠢᠢᠡ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠬᠤᠪᠢ ᠬᠥᠮᠥᠨ ᠤ ᠢᠲᠡᠭᠡᠮᠵᠢ ᠶᠢᠨ ᠵᠠᠭᠤᠷᠠᠯᠳᠤᠭᠠᠨ ᠢ ᠨᠠᠮᠳᠠᠭᠤᠯᠵᠤ᠂ ︽ᠲᠤᠰᠬᠠᠢ ᠡᠶᠡᠳᠡᠭᠦᠯᠬᠦ ᠵᠥᠪᠯᠡᠯ + ᠵᠠᠬ᠎ᠠ ᠳᠡᠯᠭᠡᠭᠦᠷᠴᠢᠯᠡᠭᠰᠡᠨ ᠭᠡᠷ᠎ᠡ ᠶᠢᠨ ᠨᠡᠭᠡᠭᠡᠯᠲᠡᠲᠤ ᠮᠠᠶ᠋ᠢᠭ ᠤᠨ ᠦᠢᠯᠡᠴᠢᠯᠡᠭᠡᠨ ᠤ ᠲᠠᠪᠴᠠᠩ︾ ᠤᠨ ᠵᠠᠭᠪᠤᠷ ᠢ ᠪᠠᠶᠢᠭᠤᠯᠬᠤ ᠪᠠ ︽ᠭᠡᠷ᠎ᠡ ᠶᠢ ᠭᠦᠢᠴᠡᠳᠬᠡᠬᠦ ᠬᠠᠮᠢᠶᠠᠷᠤᠯᠲᠠ ᠶᠢᠨ ᠰᠢᠰᠲ᠋ᠧᠮ︾ ᠤᠨ ᠳ᠋ᠠᠶᠢᠲ᠋ᠠ ᠶᠢᠨ ᠲᠠᠪᠴᠠᠩ ᠤᠨ ᠳᠠᠪᠠᠭᠤᠯᠢᠭ ᠢ ᠠᠰᠢᠭᠯᠠᠬᠤ ᠪᠠᠷ ᠳᠠᠮᠵᠢᠭᠤᠯᠤᠨ᠂ ᠰᠦᠯᠵᠢᠶᠡᠨ ᠳᠡᠭᠡᠷ᠎ᠡ ᠪᠠ ᠪᠣᠳᠠᠲᠤ ᠴᠣᠭᠴᠠ ᠶᠢᠨ ᠭᠡᠷ᠎ᠡ ᠶᠢᠨ ᠵᠢᠯᠣᠭᠤᠳᠤᠯᠭ᠎ᠠ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠭᠦ᠂ ᠭᠡᠷ᠎ᠡ ᠶᠢ ᠭᠦᠢᠴᠡᠳᠬᠡᠬᠦ ᠶᠢ ᠰᠠᠨᠠᠭᠤᠯᠬᠤ᠂ ᠢᠲᠡᠭᠡᠮᠵᠢ ᠶᠢᠨ ᠡᠶᠡᠲᠡᠭᠦᠯᠭᠡ ᠵᠡᠷᠭᠡ ᠵᠦᠢᠯᠡᠰ ᠤᠨ ᠰᠦᠢᠳᠬᠡᠯ ᠬᠤᠷᠢᠶᠠᠬᠤ ᠦᠭᠡᠢ ᠦᠢᠯᠡᠴᠢᠯᠡᠭᠡ ᠶᠢ ᠥᠷᠨᠢᠭᠦᠯᠬᠦ ᠪᠣᠯᠣᠨ᠎ᠠ᠃ ᠡᠭᠦᠨ ᠤ ᠬᠠᠮᠲᠤ ᠭᠡᠷ᠎ᠡ ᠪᠠᠨ ᠭᠦᠢᠴᠡᠳᠬᠡᠭᠰᠡᠨ ᠪᠠᠶᠢᠳᠠᠯ ᠢ ᠠᠵᠢᠯ ᠲᠥᠷᠥᠯ ᠤᠨ ᠱᠠᠲᠤ ᠲᠥᠷᠥᠯ ᠬᠤᠪᠢᠶᠠᠨ ᠬᠢᠨᠠᠨ ᠬᠠᠮᠢᠶᠠᠷᠬᠤ᠂ ᠪᠡᠯᠡ ᠲᠣᠬᠢᠷᠠᠭᠤᠯᠭ᠎ᠠ ᠶᠢᠨ ᠵᠢᠭᠡᠯᠡᠯᠭᠡ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ᠂ ᠪᠡᠯᠡ ᠮᠥᠩᠭᠦ ᠨᠥᠬᠦᠪᠦᠷᠢᠯᠡᠬᠦ᠂ ᠲᠡᠷᠢᠭᠦᠨ ᠤ ᠪᠠ ᠰᠢᠯᠢᠳᠡᠭ ᠢ ᠰᠢᠯᠭᠠᠷᠠᠭᠤᠯᠬᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠡᠷᠭᠡ ᠳᠤ ᠴᠢᠬᠤᠯᠠ ᠯᠠᠪᠯᠠᠬᠤ ᠦᠨᠳᠦᠰᠦᠯᠡᠯ ᠪᠣᠯᠭᠠᠨ᠎ᠠ᠃ ᠢᠵᠢ ᠪᠦᠷᠢᠨ ᠬᠠᠮ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠵᠥᠷᠢᠴᠡᠯ ᠵᠠᠭᠤᠷᠠᠯᠳᠤᠭᠠᠨ ᠢ ᠤᠷᠢᠳᠴᠢᠯᠠᠨ ᠰᠡᠷᠭᠡᠶᠢᠯᠡᠵᠦ ᠰᠢᠢᠳᠪᠦᠷᠢᠯᠡᠬᠦ ᠪᠠᠷ ᠴᠢᠷᠮᠠᠶᠢᠵᠤ᠂ ᠡᠭᠦᠨ ᠤ ᠤᠯᠠᠮ ᠠᠴᠠ ᠬᠠᠤᠯᠢ ᠪᠠᠷᠢᠬᠤ ᠳᠠᠷᠤᠯᠲᠠ ᠶᠢ ᠨᠠᠮᠳᠠᠭᠤᠯᠵᠤ᠂ ᠠᠵᠤ ᠠᠬᠤᠶᠢᠯᠠᠯ ᠤᠨ ᠵᠠᠷᠭᠤᠯᠳᠤᠬᠤ ᠶᠠᠳᠠᠷᠠᠯ ᠢ ᠬᠥᠩᠭᠡᠷᠡᠭᠦᠯᠦᠨ᠎ᠡ᠃ ᠨᠡᠶᠢᠭᠡᠮ ᠤᠨ ᠡᠶ᠎ᠡ ᠵᠣᠬᠢᠴᠠᠯ ᠲᠠᠢ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠲᠤᠬᠠᠢ ᠶᠢᠨ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠢᠲᠡᠭᠡᠮᠵᠢ ᠶᠢᠨ ᠵᠠᠭᠤᠷᠠᠯᠳᠤᠭᠠᠨ ᠤ ᠡᠭᠦᠰᠬᠦ ᠶᠢ ᠡᠬᠢ ᠡᠭᠦᠰᠦᠯ ᠠᠴᠠ ᠨᠢ ᠪᠠᠭᠤᠷᠠᠭᠤᠯᠵᠤ᠂ ᠬᠡᠷᠡᠭ ᠤᠨ ᠳᠠᠷᠠᠭ᠎ᠠ ᠢᠲᠡᠭᠡᠮᠵᠢ ᠶᠢᠨ ᠡᠶᠡᠳᠡᠭᠦᠯᠭᠡ ᠶᠢᠨ ᠬᠡᠯᠡᠯᠴᠡᠭᠡᠷ ᠢ ᠢᠳᠡᠪᠬᠢᠲᠡᠢ ᠭᠦᠢᠴᠡᠳᠬᠡᠭᠰᠡᠨ ᠠᠵᠤ ᠠᠬᠤᠶᠢᠯᠠᠯ ᠢ ᠬᠠᠪᠰᠤᠷᠤᠨ ᠢᠲᠡᠭᠡᠮᠵᠢ ᠶᠢ ᠨᠢ ᠰᠡᠷᠭᠦᠭᠡᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号