ᠮᠠᠨ ᠤ ᠣᠷᠣᠨ ᠳᠤ 2.1 ᠲᠦᠮᠡ ᠭᠠᠷᠤᠢ ᠰᠢᠯᠵᠢᠭᠦᠯᠵᠦ ᠦᠯᠦ ᠪᠤᠯᠬᠤ ᠲᠡᠦᠬᠡ ᠶᠢᠨ ᠳᠤᠷᠠᠰᠬᠠᠯᠲᠤ ᠵᠦᠢᠯᠡᠰ ᠪᠤᠢ
ᠨᠡᠶᠢᠲᠡᠯᠡᠭᠰᠡᠨ ᠴᠠᠭ᠄
2024/6/14
     ᠮᠠᠨ ᠤ ᠣᠷᠣᠨ ᠪᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠲᠣᠮᠣ ᠣᠷᠣᠨ ᠪᠣᠯᠣᠨ᠎ᠠ᠃ ᠤᠳᠤ ᠪᠦᠭᠦ ᠣᠷᠣᠨ ᠳᠤ ᠰᠢᠯᠵᠢᠭᠦᠯᠵᠦ ᠦᠯᠦ ᠪᠤᠯᠬᠤ ᠲᠡᠦᠬᠡ ᠶᠢᠨ ᠳᠤᠷᠠᠰᠬᠠᠯᠲᠤ ᠵᠦᠢᠯᠡᠰ 21099᠂ ᠤᠯᠤᠰ  ᠤᠨ ᠨᠢᠭᠡᠳᠦᠭᠡᠷ ᠳᠡᠰ ᠤᠨ ᠮᠦᠽᠧᠢ 9 ᠪᠠᠶᠢᠵᠤ᠂ ᠮᠦᠽᠧᠢ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ 112.5 ᠲᠦᠮᠡᠨ ᠵᠦᠢᠯ / ᠢᠵᠢ ᠪᠠᠶᠢᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠥᠩᠭᠡᠷᠡᠭᠰᠡᠨ ᠢ ᠲᠡᠮᠳᠡᠭᠯᠡᠨ᠂ ᠣᠳᠣᠬᠢ ᠶᠢ ᠲᠤᠰᠬᠠᠵᠤ᠂ ᠢᠷᠡᠭᠡᠳᠦᠢ ᠶᠢ ᠰᠡᠩᠬᠡᠷᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ ᠪᠠᠶᠢᠨ᠎ᠠ᠃      ᠮᠠᠨ ᠤ ᠣᠷᠣᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ᠂ ᠵᠠᠷᠤᠳᠠᠯ ᠤᠨ ᠪᠠᠲᠤᠯᠠᠭ᠎ᠠ ᠶᠢ ᠴᠢᠩᠭᠠᠷᠠᠭᠤᠯᠬᠤ ᠠᠴᠠ ᠭᠠᠷᠳᠠᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠲᠡᠦᠬᠡ ᠶᠢᠨ ᠳᠤᠷᠠᠰᠬᠠᠯᠲᠤ ᠵᠦᠢᠯᠡᠰ ᠪᠣᠯᠣᠨ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠶᠢ ᠪᠦᠬᠦᠯᠢ ᠴᠣᠭᠴᠠ ᠪᠠᠷ ᠨᠢ ᠨᠢᠭᠡᠳᠦᠯᠲᠡᠢ ᠲᠥᠯᠥᠪᠯᠡᠬᠦ ᠶᠢ ᠰᠠᠶᠢᠲᠤᠷ ᠬᠢᠵᠦ᠂ ᠬᠤᠪᠢᠰᠬᠠᠯ ᠤᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠳᠦᠷᠢᠮ ᠢ ᠨᠡᠶᠢᠲᠡᠯᠡᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠦᠢᠯᠡᠰ  ᠤᠨ ᠬᠥᠭᠵᠢᠯᠲᠡ ᠶᠢᠨ ᠰᠢᠷᠢᠰ ᠲᠥᠯᠦᠪᠵᠢᠭᠦᠯᠭᠡ ᠶᠢ ᠳᠠᠷᠤᠮᠠᠯᠯᠠᠨ ᠲᠠᠷᠬᠠᠭᠠᠵᠤ᠂ ᠰᠣᠶᠣᠯ ᠤᠨ ᠥᠪ ᠢ ᠬᠠᠮᠠᠭᠠᠯᠠᠬᠤ ᠠᠵᠢᠯ ᠤᠨ ᠬᠠᠮᠲᠤᠷᠠᠯᠴᠠᠭᠠᠨ ᠤ ᠳᠦᠷᠢᠮ ᠢ ᠪᠠᠶᠢᠭᠤᠯᠤᠨ᠂ ᠬᠠᠮᠠᠭᠠᠯᠠᠵᠤ ᠠᠰᠢᠭᠯᠠᠬᠤ ᠪᠦᠬᠦᠯᠢ ᠴᠣᠭᠴᠠ ᠶᠢᠨ ᠬᠦᠴᠦᠨ ᠢ ᠪᠦᠷᠢᠯᠳᠦᠭᠦᠯᠪᠡ᠃ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠬᠦ᠂ ᠲᠤᠰᠬᠠᠢ ᠠᠵᠢᠯ ᠥᠷᠨᠢᠭᠦᠯᠬᠦ᠂ ᠰᠠᠭᠤᠷᠢ ᠶᠢ ᠪᠠᠬᠢᠵᠢᠭᠦᠯᠬᠦ᠂ ᠬᠤᠷᠢᠭ᠎ᠠ ᠱᠤᠭᠤᠮ ᠢ ᠪᠠᠲᠤ ᠴᠣᠭᠴᠠᠯᠠᠬᠤ ᠪᠠᠷ ᠳᠠᠮᠵᠢᠨ ᠬᠠᠮᠠᠭᠠᠯᠠᠵᠤ ᠤᠯᠠᠮᠵᠢᠯᠠᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠤᠩᠱᠠᠨ ᠰᠣᠶᠣᠯ ᠤᠨ ᠪᠠᠭᠤᠷᠢ ᠵᠡᠷᠭᠡ ᠶᠢ ᠳᠡᠯᠡᠬᠡᠢ ᠶᠢᠨ ᠰᠣᠶᠣᠯ  ᠤᠨ ᠥᠪ ᠢᠶᠠᠷ ᠮᠡᠳᠡᠭᠦᠯᠬᠦ ᠶᠢ ᠠᠬᠢᠭᠤᠯᠤᠨ᠂ ᠦ᠋ ᠠᠨ ᠵᠧᠦ ᠶᠢᠨ ᠯᠢᠶᠣᠤ ᠶᠢᠨ ᠰᠤᠪᠤᠷᠭ᠎ᠠ᠂ ᠠᠷᠵᠠᠢ ᠶᠢᠨ ᠴᠢᠯᠠᠭᠤᠨ ᠠᠭᠤᠢ ᠵᠡᠷᠭᠡ ᠡᠷᠲᠡᠨ ᠤ ᠪᠠᠷᠢᠯᠭ᠎ᠠ᠂ ᠡᠷᠲᠡᠨ ᠤ ᠪᠠᠭᠤᠷᠢ᠂ ᠡᠷᠲᠡᠨ ᠤ ᠣᠩᠭᠤᠨ ᠢ ᠰᠡᠯᠪᠢᠨ ᠵᠠᠰᠠᠵᠤ ᠬᠠᠮᠠᠭᠠᠯᠠᠬᠤ ᠢᠨᠵᠧᠨᠧᠷᠢᠩ ᠢ 550 ᠭᠠᠷᠤᠢ ᠵᠦᠢᠯ ᠪᠡᠶᠡᠯᠡᠭᠦᠯᠵᠦ᠂ ᠯᠢᠶᠣᠤ ᠤᠯᠤᠰ ᠤᠨ ᠳᠡᠭᠡᠳᠦ ᠨᠡᠶᠢᠰᠯᠡᠯ ᠤᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠢ ᠪᠠᠶᠢᠭᠤᠯᠤᠨ᠂ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠲᠠᠯ᠎ᠠ ᠪᠠᠷ ᠮᠤᠵᠢ ᠣᠷᠣᠨ ᠠᠯᠤᠰᠯᠠᠭᠰᠠᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠵᠢᠯᠣᠭᠤᠴᠢ ᠦᠭᠡᠢ ᠨᠢᠰᠬᠡᠯ ᠢᠶᠠᠷ ᠲᠡᠦᠬᠡ ᠶᠢᠨ ᠳᠤᠷᠠᠰᠬᠠᠯᠲᠤ ᠵᠦᠢᠯᠡᠰ ᠤᠨ ᠡᠷᠲᠡᠨ ᠤ ᠦᠯᠡᠳᠡᠭᠳᠡᠯ ᠢ ᠴᠠᠭᠳᠠᠨ ᠪᠠᠶᠢᠴᠠᠭᠠᠬᠤ ᠶᠢ ᠨᠡᠶᠢᠳᠡᠮ ᠪᠦᠷᠬᠦᠭᠦᠯᠵᠦ᠂ ᠬᠠᠮᠠᠭᠠᠯᠠᠵᠤ ᠤᠯᠠᠮᠵᠢᠯᠠᠬᠤ ᠦᠷ᠎ᠡ ᠪᠦᠲᠦᠮᠵᠢ ᠶᠢ ᠯᠠᠪᠳᠠᠭᠤᠨ ᠪᠠᠲᠤᠲᠠᠢ ᠳᠡᠭᠡᠭᠰᠢᠯᠡᠭᠦᠯᠪᠡ᠃      ᠣᠶᠢᠯᠠᠭᠠᠭᠰᠠᠨ ᠢᠶᠠᠷ᠂ ᠮᠠᠨ ᠤ ᠣᠷᠣᠨ ᠪᠣᠷᠣᠳᠣᠬᠤᠢ ᠣᠷᠣᠨ ᠤ ᠰᠠᠭᠤᠷᠢᠰᠢᠯ ᠬᠢᠭᠡᠳ ᠨᠡᠶᠢᠭᠡᠮ ᠤᠨ ᠰᠤᠳᠤᠯᠤᠯ᠂ ᠬᠤᠩᠱᠠᠨ ᠨᠡᠶᠢᠭᠡᠮ ᠤᠨ ᠪᠣᠯᠪᠠᠰᠤᠨ ᠤ ᠪᠤᠳᠤᠯᠢᠶᠠᠨᠲᠤ ᠠᠬᠢᠴᠠ ᠶᠢᠨ ᠰᠤᠳᠤᠯᠤᠯ ᠵᠡᠷᠭᠡ ︽ᠬᠠᠭᠤᠴᠢ ᠰᠤᠳᠤᠯᠤᠯ ᠤᠨ ᠳᠤᠮᠳᠠᠳᠤ ᠤᠯᠤᠰ︾ ᠤᠨ ᠴᠢᠬᠤᠯᠠ ᠶᠡᠭᠡ ᠲᠥᠷᠥᠯ ᠵᠦᠢᠯ ᠪᠣᠯᠣᠨ ᠰᠢᠷᠠᠤ᠋ᠰᠤ ᠶᠢᠨ ᠪᠠᠭᠤᠷᠢ᠂ ᠴᠢᠩ ᠱᠦᠢ ᠾᠧ ᠰᠢᠶᠠᠨ ᠤ ᠾᠧᠦ ᠴᠧᠩ ᠽᠦᠢ ᠶᠢᠨ ᠪᠠᠭᠤᠷᠢ᠂ ᠰᠦᠩᠱᠠᠨ ᠲᠣᠭᠤᠷᠢᠭ ᠤᠨ ᠼᠠᠢ ᠲᠤᠤ ᠫᠥᠸᠧ ᠶᠢᠨ ᠪᠠᠭᠤᠷᠢ ᠵᠡᠷᠭᠡ ᠬᠠᠭᠤᠴᠢ ᠰᠤᠳᠤᠯᠤᠯ ᠤᠨ ᠢᠯᠡᠷᠡᠭᠦᠯᠦᠯᠲᠡ ᠳᠤ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠬᠥᠮᠥᠨ ᠲᠥᠷᠥᠯᠬᠢᠲᠡᠨ ᠤ ᠲᠡᠦᠬᠡ ᠪᠠ ᠰᠣᠶᠣᠯ ᠤᠨ ᠲᠡᠦᠬᠡ ᠶᠢ ᠬᠠᠶᠢᠨ ᠰᠦᠪᠡᠭᠴᠢᠯᠡᠬᠦ ᠳᠤ ᠡᠯᠪᠡᠭ ᠪᠠᠶᠠᠯᠢᠭ ᠪᠣᠳᠠᠲᠤ ᠭᠡᠷᠡᠴᠢ ᠬᠠᠩᠭᠠᠵᠠᠢ᠃ ᠪᠠᠰᠠ ᠲᠡᠦᠬᠡ ᠶᠢᠨ ᠳᠤᠷᠠᠰᠬᠠᠯᠲᠤ ᠵᠦᠢᠯᠡᠰ ᠤᠨ ᠰᠢᠨ᠎ᠡ ᠶᠢ ᠡᠭᠦᠳᠬᠦ ᠴᠢᠨᠠᠷᠲᠠᠢ ᠬᠥᠭᠵᠢᠭᠦᠯᠦᠯᠲᠡ᠂ ᠠᠭᠤᠰᠤᠯᠴᠠᠭᠤᠯᠬᠤ ᠴᠢᠨᠠᠷᠲᠠᠢ ᠠᠰᠢᠭᠯᠠᠯᠲᠠ ᠳᠤ ᠭᠤᠣᠯᠳᠠᠯᠭ᠎ᠠ ᠪᠠᠨ ᠲᠠᠯᠪᠢᠨ᠂ ︽ᠤᠭ ᠦᠨᠳᠦᠰᠦ︾᠂ ︽ᠴᠠᠭ ᠤᠨ ᠪᠡᠯᠡᠭ︾ ᠵᠡᠷᠭᠡ ᠤᠬᠠᠭᠤᠯᠭ᠎ᠠ ᠶᠢᠨ ᠮᠡᠳᠡᠭᠡᠯᠡᠯ ᠨᠡᠶᠢᠲᠡᠯᠡᠵᠦ᠂ ᠡᠨᠡ ᠵᠢᠯ ᠮᠠᠨ ᠤ ᠣᠷᠣᠨ ᠤ 6 ᠮᠦᠽᠧᠢ ᠤᠯᠤᠰ ᠤᠨ ᠨᠢᠭᠡᠳᠦᠭᠡᠷ ᠳᠡᠰ ᠤᠨ ᠮᠦᠽᠧᠢ ᠪᠣᠯᠵᠤ᠂ ᠥᠪᠥᠷ ᠮᠣᠩᠭᠤᠯ ᠤᠨ ᠮᠦᠽᠧᠢ 2024 ᠣᠨ  ᠤ ︽ᠪᠦᠭᠦ ᠤᠯᠤᠰ ᠤᠨ ᠬᠠᠮᠤᠭ ᠠᠴᠠ ᠰᠢᠨ᠎ᠡ ᠶᠢ ᠡᠭᠦᠳᠬᠦ ᠬᠦᠴᠦᠨ ᠲᠠᠢ ᠮᠦᠽᠧᠢ︾ ᠶᠢᠨ ᠢᠷᠠᠭᠤ ᠠᠯᠳᠠᠷ ᠢ ᠭᠦᠷᠳᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号