ᠮᠠᠨ ᠤ ᠣᠷᠣᠨ 7 ᠰᠠᠷ᠎ᠠ ᠶᠢᠨ 1 ᠠᠴᠠ ᠬᠤᠶᠠᠷ ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠡᠬᠢᠯᠡᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/6/14
     ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ 7 ᠰᠠᠷ᠎ᠠ ᠶᠢᠨ 1 ᠠᠴᠠ ᠡᠬᠢᠯᠡᠨ ︽ᠴᠠᠭᠠᠨ ᠢᠳᠡᠭᠡᠨ ᠤ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠦᠢᠯᠡᠴᠢᠯᠡᠭᠡᠨ ᠤ ᠵᠢᠷᠤᠮᠵᠢᠯ︾︵DB15/T3423 - 2024︶ ︽ᠦᠬᠡᠷ ᠬᠤᠨᠢᠨ ᠮᠢᠬ᠎ᠠ ᠶᠢᠨ ᠪᠦᠲᠦᠭᠡᠭᠳᠡᠬᠦᠨ  ᠤ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠦᠢᠯᠡᠴᠢᠯᠡᠭᠡᠨ ᠤ ᠵᠢᠷᠤᠮᠵᠢᠯ︾︵DB15/T3424 - 2024︶ ᠭᠡᠬᠦ ᠬᠤᠶᠠᠷ ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠬᠡᠷᠡᠭᠵᠢᠭᠦᠯᠬᠦ ᠪᠠᠷ ᠪᠤᠢ᠃      ᠬᠤᠶᠠᠷ ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠳᠤ ᠴᠠᠭᠠᠨ ᠢᠳᠡᠭᠡᠨ᠂ ᠦᠬᠡᠷ ᠬᠤᠨᠢᠨ ᠮᠢᠬ᠎ᠠ ᠶᠢᠨ ᠪᠦᠲᠦᠭᠡᠭᠳᠡᠬᠦᠨ ᠢ ᠬᠦᠢᠲᠡᠨ ᠢᠶᠠᠷ ᠬᠡᠯᠬᠢᠶᠡᠵᠢᠭᠦᠯᠦᠨ ᠲᠡᠭᠡᠭᠡᠪᠦᠷᠢᠯᠡᠬᠦ ᠦᠢᠯᠡᠴᠢᠯᠡᠭᠡᠨ ᠤ ᠲᠥᠬᠦᠭᠡᠷᠦᠮᠵᠢ᠂ ᠠᠵᠢᠯᠲᠠᠨ  ᠤ ᠬᠠᠮᠢᠶᠠᠷᠤᠯᠲᠠ᠂ ᠠᠴᠢᠶᠠᠯᠠᠵᠤ ᠪᠠᠭᠤᠯᠭᠠᠵᠤ ᠵᠥᠭᠡᠭᠡᠪᠦᠷᠢᠯᠡᠬᠦ᠂ ᠲᠡᠭᠡᠭᠡᠪᠦᠷᠢᠯᠡᠬᠦ᠂ ᠮᠡᠳᠡᠭᠡ ᠵᠠᠩᠭᠢ ᠶᠢᠨ ᠬᠠᠮᠢᠶᠠᠷᠤᠯᠲᠠ ᠵᠡᠷᠭᠡ ᠡᠯᠧᠮᠧᠨ᠋ᠲ ᠤᠨ ᠮᠡᠷᠭᠡᠵᠢᠯ ᠤᠨ ᠨᠥᠬᠦᠴᠡᠯ ᠪᠠ ᠵᠠᠩᠭᠢᠯᠠᠭ᠎ᠠ ᠶᠢᠨ ᠪᠣᠯᠵᠣᠯᠲᠤ ᠲᠤᠭ᠎ᠠ ᠳᠤ ᠨᠠᠷᠢᠨ ᠲᠣᠭᠲᠠᠭᠠᠯ ᠭᠠᠷᠭᠠᠪᠠ᠃ ᠡᠭᠦᠨ ᠠᠴᠠ ᠡᠮᠦᠨ᠎ᠡ ᠨᠢᠭᠡᠨᠲᠡ ᠨᠡᠶᠢᠲᠡᠯᠡᠭᠰᠡᠨ ᠡᠯ᠎ᠡ ᠲᠥᠷᠥᠯ ᠤᠨ ᠬᠦᠢᠲᠡᠨ ᠬᠡᠯᠬᠢᠶᠡᠲᠦ ᠡᠳ᠋ ᠪᠠᠷᠠᠭᠠᠨ  ᠤ ᠭᠦᠢᠯᠭᠡᠭᠡ ᠶᠢᠨ ᠤᠯᠤᠰ ᠪᠠ ᠣᠷᠣᠨ ᠨᠤᠲᠤᠭ ᠤᠨ ᠪᠠᠷᠢᠮᠵᠢᠶ᠎ᠠ ᠨᠡᠶᠢᠲᠡ 70 ᠭᠠᠷᠤᠢ ᠵᠦᠢᠯ ᠪᠠᠶᠢᠬᠤ ᠪᠤᠯᠪᠠᠴᠤ ᠴᠠᠭᠠᠨ ᠢᠳᠡᠭᠡᠨ ᠤ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠬᠠᠮᠢᠶ᠎ᠠ ᠪᠦᠬᠦᠢ ᠪᠠᠷᠢᠮᠵᠢᠶ᠎ᠠ ᠬᠠᠷᠠᠬᠠᠨ ᠦᠭᠡᠢ ᠪᠠᠶᠢᠵᠤ᠂ ᠮᠠᠨ ᠤ ᠣᠷᠣᠨ ᠠᠴᠠ ᠨᠡᠶᠢᠲᠡᠯᠡᠨ ᠬᠡᠷᠡᠭᠵᠢᠭᠦᠯᠬᠦ ︽ᠴᠠᠭᠠᠨ ᠢᠳᠡᠭᠡᠨ ᠤ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠦᠢᠯᠡᠴᠢᠯᠡᠭᠡᠨ ᠤ ᠵᠢᠷᠤᠮᠵᠢᠯ︾ ᠨᠢ ᠬᠤᠯᠪᠣᠭᠳᠠᠯ ᠪᠦᠬᠦᠢ ᠵᠢᠷᠤᠮᠵᠢᠯ ᠤᠨ ᠬᠤᠭᠤᠰᠤᠨ ᠢ ᠨᠥᠬᠦᠪᠦᠷᠢᠯᠡᠭᠰᠡᠨ ᠪᠠᠶᠢᠨ᠎ᠠ      ᠮᠠᠨ ᠤ ᠣᠷᠣᠨ ᠤ ᠲᠤᠰ ᠬᠤᠶᠠᠷ ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ ᠳᠠᠭᠠᠨ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠠᠵᠤ ᠦᠢᠯᠡᠰ ᠤᠨ ᠣᠨᠴᠠᠯᠢᠭ ᠲᠠᠢ ᠪᠠᠨ ᠭᠦᠨᠵᠡᠭᠡᠢ ᠤᠶᠠᠯᠳᠤᠭᠤᠯᠵᠤ᠂  ᠬᠦᠢᠲᠡᠨ ᠬᠡᠯᠬᠢᠶᠡᠲᠦ ᠲᠡᠭᠡᠭᠡᠪᠦᠷᠢ ᠶᠢᠨ ᠨᠢᠭᠡᠳᠦᠯᠲᠡᠢ ᠮᠡᠷᠭᠡᠵᠢᠯ ᠤᠨ ᠱᠠᠭᠠᠷᠳᠠᠯᠭ᠎ᠠ᠂ ᠬᠠᠮᠢᠶᠠᠷᠤᠯᠲᠠ ᠶᠢᠨ ᠱᠠᠭᠠᠷᠳᠠᠯᠭ᠎ᠠ᠂ ᠠᠵᠢᠯᠯᠠᠬᠤ ᠠᠷᠭ᠎ᠠ ᠪᠠ ᠮᠡᠳᠡᠭᠡ ᠵᠠᠩᠭᠢ ᠶᠢᠨ ᠮᠡᠷᠭᠡᠵᠢᠯ ᠵᠡᠷᠭᠡ ᠪᠠᠷᠢᠮᠵᠢᠶᠠᠵᠢᠭᠰᠠᠨ ᠠᠷᠭ᠎ᠠ ᠪᠠᠷᠢᠯ ᠢᠶᠠᠷ ᠳᠠᠮᠵᠢᠨ︽ᠮᠢᠬᠠᠨ ᠤ ᠵᠦᠢᠯ ᠴᠠᠭᠠᠨ ᠢᠳᠡᠭᠡᠨ︾ ᠤ ᠦᠢᠯᠡᠴᠢᠯᠡᠬᠦ ᠡᠲᠡᠭᠡᠳ ᠲᠤ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠰᠢᠰᠲ᠋ᠧᠮ ᠤᠨ ᠪᠠᠶᠢᠭᠤᠯᠤᠯᠲᠠ ᠶᠢ ᠵᠢᠷᠤᠮᠯᠠᠬᠤ ᠳᠦᠷᠢᠮ ᠲᠠᠢ ᠪᠠᠶᠢᠯᠭᠠᠬᠤ ᠶᠢ ᠪᠠᠲᠤᠯᠠᠵᠤ᠂ ᠮᠠᠨ ᠤ ᠣᠷᠣᠨ ᠤ ᠴᠠᠭᠠᠨ ᠢᠳᠡᠭᠡᠨ᠂ ᠦᠬᠡᠷ ᠬᠤᠨᠢᠨ ᠮᠢᠬ᠎ᠠ ᠶᠢᠨ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠠᠵᠢᠯ ᠤᠨ ᠠᠮᠤᠷ ᠲᠦᠪᠰᠢᠨ ᠢ ᠳᠡᠭᠡᠭᠰᠢᠯᠡᠭᠦᠯᠭᠦ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠬᠤ᠂ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号