ᠬᠠᠳᠠ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/17
     6 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠨ ᠤ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠤᠬᠠᠢ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠦᠵᠡᠯ ᠰᠠᠨᠠᠭ᠎ᠠ ᠲᠠᠨᠢᠯᠲᠠ ᠪᠣᠯᠣᠨ ᠬᠠᠷᠢᠭᠤᠴᠠᠯᠭᠠᠲᠤ ᠤᠬᠠᠮᠰᠠᠷ ᠢᠶᠠᠨ ᠴᠢᠨᠠᠭᠰᠢᠳᠠ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ᠂ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠷᠢᠨ ᠬᠢᠨᠠᠮᠠᠭᠠᠢ ᠪᠠᠶᠢᠷᠢᠯᠠᠭᠤᠯᠵᠤ᠂ ᠯᠠᠪᠳᠠᠭᠤᠨ ᠪᠠᠲᠤᠲᠠᠢ ᠠᠬᠢᠭᠤᠯᠵᠤ᠂ ᠬᠦᠯᠢᠶᠡᠬᠦ ᠦᠭᠡᠢ ᠲᠦᠰᠢᠭᠯᠡᠬᠦ ᠦᠭᠡᠢ ᠪᠠᠶᠢᠵᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠪᠤᠢ ᠪᠦᠬᠦᠢ ᠠᠰᠠᠭᠤᠳᠠᠯ ᠢ ᠲᠤᠶᠢᠯᠪᠤᠷᠢᠲᠠᠢ ᠥᠭᠡᠷᠡᠴᠢᠯᠡᠬᠦ᠂ ᠪᠣᠳᠠᠲᠠᠢ ᠰᠠᠶᠢᠵᠢᠷᠠᠭᠤᠯᠬᠤ᠂ ᠲᠠᠬᠢᠨ ᠢᠯᠡᠷᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠨᠡᠪᠲᠡᠷᠡᠯᠴᠡᠨ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠮᠢᠶ᠎ᠠ ᠪᠦᠬᠦᠢ ᠭᠠᠷᠳᠠᠮ ᠢ ᠭᠦᠢᠴᠡᠳᠬᠡᠬᠦ ᠠᠬᠢᠴᠠ ᠪᠠᠨ ᠲᠦᠷᠭᠡᠳᠬᠡᠵᠦ᠂ ᠮᠠᠨ ᠤ ᠰᠢᠶᠠᠨ ᠤ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠤᠷᠤᠭᠰᠢᠲᠠᠢ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠪᠥᠬᠦ ᠰᠢᠶᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠱᠠᠯᠠᠪᠳᠠᠨ ᠲᠣᠭᠲᠠᠭᠠᠨ ᠰᠦᠪᠡᠭᠴᠢᠯᠡᠵᠦ᠂ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠨ᠂ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠪᠠᠭᠰᠢ ᠶᠢᠨ ᠬᠦᠴᠦᠨ ᠢ ᠬᠦᠴᠦᠷᠬᠡᠭᠵᠢᠭᠦᠯᠬᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠢ ᠰᠠᠶᠢᠵᠢᠷᠠᠭᠤᠯᠬᠤ ᠪᠠᠷ ᠳᠠᠮᠵᠢᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ ᠪᠣᠶᠢᠵᠢᠭᠤᠯᠬᠤ ᠶᠢ ᠬᠦᠴᠦ ᠪᠠᠨ ᠲᠥᠪᠯᠡᠷᠡᠭᠦᠯᠦᠨ ᠠᠬᠢᠭᠤᠯᠵᠤ᠂ ᠡᠭᠦᠨ ᠤ ᠤᠯᠠᠮ ᠢᠶᠠᠷ ᠨᠠᠩ ᠣᠯᠠᠨ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ᠃      ᠬᠤᠷᠠᠯ ᠠᠴᠠ ᠪᠠᠰᠠ ᠬᠤᠳᠠ ᠪᠠᠯᠭᠠᠰᠤᠨ ᠤ ᠪᠣᠬᠢᠷ ᠤᠰᠤ᠂ ᠠᠵᠤ ᠦᠢᠯᠡᠳᠪᠦᠷᠢ ᠶᠢᠨ ᠪᠣᠬᠢᠷ ᠤᠰᠤ ᠶᠢ ᠰᠢᠢᠳᠪᠦᠷᠢᠯᠡᠬᠦ ᠵᠡᠷᠭᠡ ᠬᠠᠮᠢᠶ᠎ᠠ ᠪᠦᠬᠦᠢ ᠶᠠᠪᠤᠳᠠᠯ ᠢ ᠰᠤᠳᠤᠯᠪᠠ᠃ ︵ᠰᠤᠷᠪᠤᠯᠵᠢᠯᠠᠭᠴᠢ᠄ ᠯᠢᠦᠢ ᠫᠢᠩ ᠫᠢᠩ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号