ᠦᠴᠦᠸᠠᠨ ᠰᠢᠶᠠᠨ ᠤᠮᠠᠷᠠᠲᠤ ᠬᠢᠯᠢ ᠶᠢᠨ ᠦᠯᠢᠭᠡᠷ ᠳᠠᠭᠤᠷᠢᠶᠠᠯ ᠸᠧᠢ ᠮᠢᠩ ᠤᠨ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠲᠡᠷᠢᠭᠦᠨ ᠤ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2024/6/17
     ᠸᠧᠢ ᠮᠢᠩ ᠨᠥᠬᠦᠷ ᠤᠨ ᠲᠡᠷᠢᠭᠦᠨ ᠤ ᠦᠢᠯᠡ ᠠᠵᠢᠯᠯᠠᠭ᠎ᠠ ᠶᠢ ᠥᠷᠭᠡᠨ ᠳᠡᠯᠭᠡᠷ᠂ ᠭᠦᠨᠵᠡᠭᠡᠢ ᠰᠤᠷᠤᠯᠴᠠᠨ ᠤᠬᠠᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠣᠶᠤᠨ ᠤ ᠪᠣᠯᠪᠠᠰᠤᠨ ᠤ ᠪᠠᠶᠢᠭᠤᠯᠤᠯᠲᠠ ᠪᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ᠂ 6 ᠰᠠᠷ᠎ᠠ ᠶᠢᠨ 13 ᠤ ᠡᠳᠦᠷ᠂ ᠦᠴᠦᠸᠠᠨ ᠰᠢᠶᠠᠨ ᠤᠮᠠᠷᠠᠲᠤ ᠬᠢᠯᠢ ᠶᠢᠨ ᠦᠯᠢᠭᠡᠷ ᠳᠠᠭᠤᠷᠢᠶᠠᠯ ᠸᠧᠢ ᠮᠢᠩ ᠨᠥᠬᠦᠷ ᠤᠨ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠲᠡᠷᠢᠭᠦᠨ ᠤ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠡᠷᠬᠢᠯᠡᠪᠡ᠃      ︽ᠤᠮᠠᠷᠠᠲᠤ ᠬᠢᠯᠢ ᠶᠢᠨ ᠦᠯᠢᠭᠡᠷ ᠳᠠᠭᠤᠷᠢᠶᠠᠯ︾ ᠸᠧᠢ ᠮᠢᠩ ᠨᠥᠬᠦᠷ 1945 ᠣᠨ ᠤ 10 ᠰᠠᠷ᠎ᠠ ᠳᠤ ᠲᠥᠷᠥᠵᠡᠢ᠂ ᠾᠧᠪᠧᠢ ᠮᠤᠵᠢ ᠶᠢᠨ ᠵᠠᠩ ᠵᠢᠶᠠ ᠺᠧᠦ ᠬᠤᠲᠠ ᠶᠢᠨ ᠬᠥᠮᠥᠨ᠃ 1961 ᠣᠨ ᠳᠤ ᠥᠪᠥᠷ ᠮᠣᠩᠭᠤᠯ ᠤᠨ ᠴᠡᠷᠢᠭ ᠤᠨ ᠲᠣᠭᠤᠷᠢᠭ ᠲᠤ ᠠᠯᠪᠠ ᠬᠠᠭᠠᠵᠤ᠂ 1995 ᠣᠨ ᠤ 12 ᠰᠠᠷ᠎ᠠ ᠳᠤ ᠠᠵᠢᠯ ᠰᠢᠯᠵᠢᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ ᠳᠤ ᠠᠵᠢᠯᠯᠠᠵᠤ᠂ 2005 ᠣᠨ ᠤ 10 ᠰᠠᠷ᠎ᠠ ᠳᠤ ᠠᠵᠢᠯ ᠠᠴᠠ ᠪᠠᠨ ᠠᠮᠠᠷᠠᠪᠠ᠃ ᠴᠡᠷᠢᠭ ᠤᠨ 35 ᠵᠢᠯ᠂ ᠴᠠᠭᠳᠠᠭ᠎ᠠ ᠶᠢᠨ 10 ᠵᠢᠯ ᠳᠤ ᠤᠷᠢᠳ ᠬᠤᠵᠢᠳ ᠪᠥᠬᠦ ᠤᠯᠤᠰ ᠤᠨ ᠰᠢᠯᠢᠳᠡᠭ ᠰᠠᠶᠢᠨ ᠳᠤᠷᠠᠴᠤᠳ᠂ ᠲᠠᠪᠤᠳᠤᠭᠠᠷ ᠬᠤᠭᠤᠴᠠᠭᠠᠨ ᠤ ᠪᠥᠬᠦ ᠣᠷᠣᠨ ᠤ ᠶᠣᠰᠣ ᠰᠤᠷᠲᠠᠬᠤᠨ ᠤ ᠵᠢᠱᠢᠶᠡᠴᠢ᠂ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠪᠥᠬᠦ ᠣᠷᠣᠨ ᠤ ᠯᠧᠢ ᠹᠧᠩ ᠠᠴᠠ ᠰᠤᠷᠤᠯᠴᠠᠭᠰᠠᠨ ᠰᠢᠯᠢᠳᠡᠭ ᠰᠠᠶᠢᠨ ᠳᠤᠷᠠᠴᠤᠳ᠂ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠬᠠᠮᠤᠭ ᠤᠨ ᠭᠤᠶᠣ ᠴᠡᠷᠢᠭ ᠠᠴᠠ ᠬᠠᠯᠠᠭᠳᠠᠭᠰᠠᠳ᠂ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠨᠠᠷᠠᠲᠤ ᠬᠥᠮᠥᠰ ᠵᠡᠷᠭᠡ ᠢᠷᠠᠭᠤ ᠠᠯᠳᠠᠷ ᠢ ᠭᠥᠷᠳᠡᠪᠡ᠃      ᠮᠡᠳᠡᠭᠦᠯᠦᠯᠲᠡ ᠶᠢᠨ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠤᠮᠠᠷᠠᠲᠤ ᠬᠢᠯᠢ ᠶᠢᠨ ᠦᠯᠢᠭᠡᠷ ᠳᠠᠭᠤᠷᠢᠶᠠᠯ ᠸᠧᠢ ᠮᠢᠩ ᠤᠨ ᠦᠢᠯᠡ ᠠᠵᠢᠯᠯᠠᠭ᠎ᠠ ᠶᠢᠨ ᠲᠤᠰᠬᠠᠢ ᠰᠡᠳᠦᠪᠲᠦ ᠹᠢᠯᠢᠮ ᠢ ᠦᠵᠡᠵᠦ᠂ ᠮᠡᠳᠡᠭᠦᠯᠦᠯᠲᠡ ᠶᠢᠨ ᠪᠦᠯᠬᠦᠮ ᠤᠨ ᠭᠡᠰᠢᠭᠦᠨ ᠯᠢᠦ ᠰᠢᠶᠠᠨ ᠴᠢ ᠨᠥᠬᠦᠷ ︽ᠨᠠᠮ ᠤᠨ ᠦᠨᠡᠨ ᠰᠡᠳᠬᠢᠯᠭᠡ ᠶᠡᠭᠡ ᠬᠠᠶᠢᠷ᠎ᠠ ᠶᠢ ᠬᠥᠮᠥᠰ ᠤᠨ ᠰᠡᠳᠬᠢᠯ ᠵᠢᠷᠦᠬᠡᠨ ᠳᠤ ᠰᠠᠴᠤᠶ᠎ᠠ︾ ᠭᠡᠬᠦ ᠰᠡᠳᠦᠪ ᠢᠶᠠᠷ ᠮᠡᠳᠡᠭᠦᠯᠦᠯᠲᠡ ᠬᠢᠪᠡ︔ ᠮᠡᠳᠡᠭᠦᠯᠦᠯᠲᠡ ᠶᠢᠨ ᠪᠦᠯᠬᠦᠮ ᠤᠨ ᠭᠡᠰᠢᠭᠦᠨ ᠵᠠᠩ ᠯᠦ ᠨᠥᠬᠦᠷ ︽ᠨᠡᠶᠢᠲᠡ ᠶᠢᠨ ᠠᠰᠠᠷᠠᠮᠵᠢ ᠶᠢᠨ ᠤᠬᠠᠭᠤᠯᠤᠨ ᠲᠠᠶᠢᠯᠪᠤᠷᠢᠯᠠᠬᠤ ᠵᠠᠮ ᠳᠡᠭᠡᠷᠡᠬᠢ ᠤᠶᠤᠨ ᠰᠠᠨᠠᠭᠠᠨ ᠤ ᠳᠠᠭᠤᠷᠢᠶᠠᠯ︾ ᠭᠡᠬᠦ ᠰᠡᠳᠦᠪ ᠢᠶᠠᠷ ᠮᠡᠳᠡᠭᠦᠯᠦᠯᠲᠡ ᠬᠢᠪᠡ︔ ᠮᠡᠳᠡᠭᠦᠯᠦᠯᠲᠡ ᠶᠢᠨ ᠪᠦᠯᠬᠦᠮ ᠤᠨ ᠭᠡᠰᠢᠭᠦᠨ ᠵᠤᠤ ᠸᠧᠢ ᠯᠦ ᠨᠥᠬᠦᠷ ︽ᠦᠨᠡᠨ ᠶᠣᠰᠣ ᠶᠢ ᠪᠠᠷᠢᠮᠲᠠᠯᠠᠵᠤ ᠵᠣᠷᠢᠭᠲᠠᠢ ᠪᠠᠷ ᠲᠡᠮᠡᠴᠡᠵᠦ᠂ ᠡᠭᠦᠷᠢᠳᠡ ᠨᠠᠮ ᠢᠶᠠᠨ ᠳᠠᠭᠠᠨ᠎ᠠ︾ ᠭᠡᠬᠦ ᠰᠡᠳᠦᠪ ᠢᠶᠠᠷ ᠮᠡᠳᠡᠭᠦᠯᠦᠯᠲᠡ ᠬᠢᠪᠡ︔ ᠮᠡᠳᠡᠭᠦᠯᠦᠯᠲᠡ ᠶᠢᠨ ᠪᠦᠯᠬᠦᠮ ᠤᠨ ᠭᠡᠰᠢᠭᠦᠨ ᠸᠧᠢ ᠭᠠᠩ ᠨᠥᠬᠦᠷ ︽ᠶᠡᠭᠡ ᠬᠠᠶᠢᠷ᠎ᠠ ᠬᠢᠵᠠᠭᠠᠯᠠᠰᠢ ᠦᠭᠡᠢ ᠡᠪ ᠬᠠᠮᠲᠤ ᠨᠠᠮ ᠤᠨ ᠭᠡᠰᠢᠭᠦᠨ︾ ᠭᠡᠬᠦ ᠰᠡᠳᠦᠪ ᠢᠶᠠᠷ ᠮᠡᠳᠡᠭᠦᠯᠦᠯᠲᠡ ᠬᠢᠪᠡ᠃ ᠸᠧᠢ ᠮᠢᠩ ᠨᠥᠬᠦᠷ ᠤᠨ ᠲᠡᠷᠢᠭᠦᠨ ᠤ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠪᠦᠯᠬᠦᠮ ᠤᠨ ᠭᠡᠰᠢᠭᠦᠨ ᠪᠣᠷᠣᠭᠵᠢᠭᠤᠨ ᠠᠮᠢᠳᠤᠯᠢᠭ ᠦᠭᠡ ᠬᠡᠯᠡ᠂ ᠠᠮᠢᠳᠤᠯᠢᠭ ᠪᠣᠳᠠᠲᠠᠢ ᠵᠢᠱᠢᠶ᠎ᠡ᠂ ᠠᠳᠠᠯᠢ ᠪᠤᠰᠤ ᠲᠠᠯ᠎ᠠ ᠠᠴᠠ ᠸᠧᠢ ᠮᠢᠩ ᠨᠥᠬᠦᠷ ᠤᠨ ᠲᠡᠷᠢᠭᠦᠨ ᠤ ᠦᠢᠯᠡ ᠠᠵᠢᠯᠯᠠᠭ᠎ᠠ ᠪᠣᠯᠣᠨ ᠰᠡᠳᠬᠢᠯ ᠬᠥᠳᠡᠯᠭᠡᠮ᠎ᠡ ᠦᠯᠢᠭᠡᠷ ᠢ ᠭᠦᠨ ᠰᠡᠳᠬᠢᠯᠭᠡ ᠲᠠᠢ ᠪᠠᠷ ᠶᠠᠷᠢᠵᠤ᠂ ᠳᠤᠷᠠᠲᠠᠶ᠎ᠠ ᠬᠤᠪᠢ ᠨᠡᠮᠡᠷᠢ ᠦᠵᠡᠭᠦᠯᠵᠦ᠂ ᠣᠯᠵᠤ ᠠᠯᠳᠠᠬᠤ ᠶᠢ ᠪᠤᠳᠤᠬᠤ ᠦᠭᠡᠢ᠂ ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠳᠤ ᠲᠠᠯᠠᠷᠬᠠᠬᠤ᠂ ᠨᠠᠮ ᠢᠶᠠᠨ ᠳᠠᠭᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ᠂ ᠲᠡᠷᠢᠭᠦᠨ ᠤ ᠬᠢ ᠶᠢ ᠡᠷᠬᠢᠮᠯᠡᠬᠦ᠂ ᠬᠤᠰᠢᠭᠤᠴᠢ ᠪᠣᠯᠬᠤ ᠪᠠᠷ ᠴᠢᠷᠮᠠᠶᠢᠬᠤ ᠭᠦᠨ ᠵᠤᠵᠠᠭᠠᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠪᠠ᠃ ︽ᠪᠤᠰᠤᠳ ᠢ ᠬᠠᠪᠰᠤᠷᠬᠤ ᠨᠢ ᠪᠤᠰᠤᠳ ᠢᠶᠠᠷ ᠰᠠᠶᠢᠨ ᠢ ᠬᠡᠯᠡᠭᠦᠯᠵᠦ ᠪᠠᠶᠢᠭ᠎ᠠ ᠪᠢᠰᠢ᠂ ᠬᠠᠷᠢᠨ ᠤᠯᠠᠨ ᠲᠦᠮᠡᠨ ᠢᠶᠠᠷ ᠡᠪ ᠬᠠᠮᠲᠤ ᠨᠠᠮ ᠢ ᠬᠡᠯᠡᠭᠦᠯᠬᠦ ᠭᠡᠰᠡᠨ ᠶᠠᠪᠤᠳᠠᠯ ᠮᠥᠨ︾ ᠭᠡᠪᠡ᠃ ᠸᠧᠢ ᠮᠢᠩ ᠴᠢᠩ ᠰᠡᠳᠬᠢᠯ ᠤᠨ ᠦᠭᠡ ᠬᠡᠯᠡ ᠪᠠᠷ ᠲᠡᠭᠦᠨ ᠤ ᠢᠲᠡᠭᠡᠯ ᠪᠢᠰᠢᠷᠡᠯ ᠡᠷᠡᠰ ᠪᠠᠲᠤ᠂ ᠤᠭ ᠰᠠᠨᠠᠭ᠎ᠠ ᠪᠠᠨ ᠡᠭᠦᠷᠢᠳᠡ ᠬᠠᠳᠠᠭᠠᠯᠠᠵᠤ᠂ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠭᠰᠠᠨ᠂ ᠠᠶᠤᠯ ᠲᠦᠭᠰᠢᠭᠦᠷᠢ ᠠᠴᠠ ᠠᠪᠤᠷᠠᠨ ᠲᠤᠰᠠᠯᠠᠬᠤ ᠲᠡᠷᠢᠭᠦᠨ ᠤ ᠦᠢᠯᠡ ᠠᠵᠢᠯᠯᠠᠭ᠎ᠠ ᠪᠠ ᠪᠡᠶ᠎ᠡ ᠪᠠᠷ ᠢᠶᠠᠨ ᠤᠬᠠᠭᠠᠷᠠᠭᠰᠠᠨ ᠢ ᠶᠠᠷᠢᠵᠤ᠂ ᠬᠤᠷᠠᠯ ᠳᠤ ᠣᠷᠣᠯᠴᠠᠭᠰᠠᠳ ᠤᠨ ᠦᠵᠡᠯ ᠰᠠᠨᠠᠭ᠎ᠠ ᠳᠤ ᠭᠦᠨ ᠭᠦᠨᠵᠡᠭᠡᠢ ᠬᠥᠮᠦᠵᠢᠯ ᠬᠦᠷᠲᠡᠭᠡᠵᠦ᠂ ᠰᠡᠳᠬᠢᠯ ᠵᠢᠷᠦᠬᠡ ᠶᠢ ᠨᠢ ᠳᠣᠭᠳᠣᠯᠤᠭᠤᠯᠪᠠ᠃      ᠪᠦᠬᠦ ᠲᠠᠯᠠᠪᠠᠢ ᠶᠢᠨ ᠮᠡᠳᠡᠭᠦᠯᠦᠯᠲᠡ ᠶᠢᠨ ᠬᠤᠷᠠᠯ ᠨᠢ ᠦᠨᠡᠨ ᠪᠣᠳᠠᠲᠠᠢ ᠪᠠᠶᠢᠵᠤ᠂ ᠦᠢᠯᠡ ᠠᠵᠢᠯᠯᠠᠭ᠎ᠠ ᠨᠢ ᠬᠥᠮᠥᠰ ᠢ ᠤᠷᠮᠠᠰᠢᠭᠤᠯᠤᠨ ᠵᠣᠷᠢᠭᠵᠢᠭᠤᠯᠵᠤ᠂ ᠬᠤᠷᠠᠯ ᠳᠤ ᠣᠷᠣᠯᠴᠠᠭᠰᠠᠨ ᠨᠥᠬᠦᠳ ᠤᠨ ᠴᠢᠩᠭ᠎ᠠ ᠬᠦᠷᠢᠶᠡᠯᠡᠯ ᠢ ᠣᠯᠵᠤ᠂ ᠲᠤᠬᠠᠢ ᠶᠢᠨ ᠲᠠᠯᠠᠪᠠᠢ ᠳᠤ ᠪᠠᠶᠢᠨ ᠪᠠᠶᠢᠨ ᠬᠠᠯᠠᠭᠤᠨ ᠢᠶᠠᠷ ᠠᠯᠠᠭ᠎ᠠ ᠲᠠᠰᠢᠪᠠ᠃ ᠬᠤᠷᠠᠯ ᠳᠤ ᠣᠷᠣᠯᠴᠠᠭᠰᠠᠨ ᠨᠥᠬᠦᠳ᠂ ᠲᠤᠬᠠᠢ ᠶᠢᠨ ᠲᠠᠯᠠᠪᠠᠢ ᠳᠤ ᠸᠧᠢ ᠮᠢᠩ ᠤᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠶᠢ ᠰᠣᠨᠣᠰᠴᠤ᠂ ᠮᠠᠰᠢ ᠰᠡᠳᠬᠢᠯ ᠬᠥᠳᠡᠯᠵᠦ᠂ ᠲᠡᠷᠢᠭᠦᠨ ᠤ ᠬᠢ ᠠᠴᠠ ᠰᠤᠷᠤᠯᠴᠠᠬᠤ ᠬᠠᠯᠠᠭᠤᠨ ᠰᠡᠳᠬᠢᠯᠭᠡ ᠶᠢ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠰᠤᠷᠤᠯᠴᠠᠬᠤ ᠦᠯᠢᠭᠡᠷ ᠳᠠᠭᠤᠷᠢᠶᠠᠯ ᠤᠨ ᠬᠠᠯᠠᠭᠤᠨ ᠰᠡᠳᠬᠢᠯᠭᠡ ᠶᠢ ᠦᠴᠦᠸᠠᠨ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃  ︵ᠰᠤᠷᠪᠤᠯᠵᠢᠯᠠᠭᠴᠢ᠄ ᠯᠢᠦ ᠪᠠᠢ ᠢᠦᠢ  ᠶᠠᠩ ᠵᠢᠶᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号