ᠦᠴᠦᠸᠠᠨ ᠰᠢᠶᠠᠨ ᠤ ᠲᠣᠭᠠᠴᠢᠯᠠᠭᠰᠠᠨ ᠬᠥᠭᠵᠢᠯᠲᠡ ᠵᠢᠴᠢ ᠲᠣᠭᠠᠴᠢᠯᠠᠭᠰᠠᠨ ᠡᠬᠢ ᠪᠠᠶᠠᠯᠢᠭ ᠤᠨ ᠪᠠᠶᠢᠴᠠᠭᠠᠯᠲᠠ ᠶᠢᠨ ᠲᠤᠬᠠᠢ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/6/17
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠡᠯ᠎ᠡ ᠶᠠᠮᠤᠨ ᠵᠥᠪᠯᠡᠯ ᠠᠯᠪᠠᠨ ᠭᠡᠷ ᠲᠣᠪᠴᠢᠶ᠎ᠠ᠂ ᠡᠯ᠎ᠡ ᠠᠵᠢᠯ ᠦᠢᠯᠡᠰ ᠤᠨ ᠨᠢᠭᠡᠴᠢ ᠳᠤ᠄    ︽ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠬᠥᠬᠡᠬᠤᠲᠠ ᠶᠢᠨ ᠲᠣᠭᠠᠴᠢᠯᠠᠭᠰᠠᠨ ᠬᠥᠭᠵᠢᠯᠲᠡ ᠵᠢᠴᠢ ᠳ᠋ᠠᠶᠢᠲ᠋ᠠ ᠶᠢᠨ ᠡᠬᠢ ᠪᠠᠶᠠᠯᠢᠭ ᠤᠨ ᠪᠠᠶᠢᠴᠠᠭᠠᠨ ᠰᠤᠳᠤᠯᠤᠯᠲᠠ ᠶᠢᠨ ᠲᠣᠪᠴᠢ︾ ᠶᠢᠨ ᠬᠠᠮᠢᠶ᠎ᠠ ᠪᠦᠬᠦᠢ ᠪᠠᠶᠢᠴᠠᠭᠠᠯᠲᠠ ᠶᠢᠨ ᠠᠭᠤᠯᠭ᠎ᠠ ᠶᠢ ᠦᠨᠳᠦᠰᠦᠯᠡᠨ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠪᠥᠬᠦ ᠰᠢᠶᠠᠨ ᠤ ᠳ᠋ᠠᠶᠢᠲ᠋ᠠ ᠶᠢᠨ ᠡᠬᠢ ᠪᠠᠶᠠᠯᠢᠭ ᠤᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠬᠤ ᠶᠢᠨ ᠲᠥᠯᠥᠭᠡ᠂ ᠡᠳᠦᠭᠡ ᠪᠥᠬᠦ ᠰᠢᠶᠠᠨ ᠤ ᠳ᠋ᠠᠶᠢᠲ᠋ᠠ ᠶᠢᠨ ᠡᠬᠢ ᠪᠠᠶᠠᠯᠢᠭ ᠤᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠪᠣᠢ᠃ ᠪᠣᠳᠠᠲᠠᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄    ᠨᠢᠭᠡ᠂ ᠲᠣᠭᠠᠴᠢᠯᠠᠭᠰᠠᠨ ᠡᠬᠢ ᠪᠠᠶᠠᠯᠢᠭ ᠤᠨ ᠥᠪᠡᠷ ᠤᠨ ᠪᠠᠶᠢᠴᠠᠭᠠᠯᠲᠠ    ᠡᠯ᠎ᠡ ᠨᠢᠭᠡᠴᠢ ︽ᠲᠣᠭᠠᠴᠢᠯᠠᠭᠰᠠᠨ ᠬᠥᠭᠵᠢᠯᠲᠡ ᠵᠢᠴᠢ ᠲᠣᠭᠠᠴᠢᠯᠠᠭᠰᠠᠨ ᠡᠬᠢ ᠪᠠᠶᠠᠯᠢᠭ ᠤᠨ ᠥᠪᠡᠷ ᠤᠨ ᠪᠠᠶᠢᠴᠠᠭᠠᠯᠲᠠ ᠶᠢᠨ ᠮᠡᠳᠡᠭᠦᠯᠦᠯᠲᠡ︾ ︵ᠳᠠᠭᠠᠯᠳᠤᠭᠤᠯᠤᠯ 1︶ ᠶᠢᠨ ᠠᠭᠤᠯᠭ᠎ᠠ ᠪᠠᠷ ᠯᠠᠪᠯᠠᠯᠲᠠ ᠪᠣᠯᠭᠠᠵᠤ᠂ ᠡᠯ᠎ᠡ ᠨᠢᠭᠡᠴᠢ ᠶᠢᠨ ᠲᠣᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠬᠠᠷᠢᠴᠠᠭᠤᠯᠤᠨ ᠲᠣᠰ ᠨᠢᠭᠡᠴᠢ ᠶᠢᠨ ᠢᠶᠠᠨ ︽ᠲᠣᠭᠠᠴᠢᠯᠠᠭᠰᠠᠨ ᠬᠥᠭᠵᠢᠯᠲᠡ ᠵᠢᠴᠢ ᠲᠣᠭᠠᠴᠢᠯᠠᠭᠰᠠᠨ ᠡᠬᠢ ᠪᠠᠶᠠᠯᠢᠭ ᠤᠨ ᠥᠪᠡᠷ ᠤᠨ ᠪᠠᠶᠢᠴᠠᠭᠠᠯᠲᠠ ᠶᠢᠨ ᠮᠡᠳᠡᠭᠦᠯᠦᠯᠲᠡ︾ ᠶᠢ ᠨᠠᠶᠢᠷᠠᠭᠤᠯᠤᠨ ᠪᠢᠴᠢᠵᠦ᠂ 6 ᠰᠠᠷ᠎ᠠ ᠶᠢᠨ ᠰᠡᠭᠦᠯᠴᠢ ᠠᠴᠠ ᠡᠮᠦᠨ᠎ᠡ ᠴᠠᠭᠠᠰᠤᠨ ᠪᠢᠴᠢᠭ ᠮᠠᠲ᠋ᠧᠷᠢᠶᠠᠯ ᠢ ᠨᠢᠭᠡᠴᠢ ᠶᠢᠨ ᠲᠠᠮᠠᠭ᠎ᠠ ᠳᠠᠷᠤᠵᠤ ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠢ᠃    ᠬᠤᠶᠠᠷ᠂ ᠥᠪᠡᠰᠦᠪᠡᠨ ᠪᠠᠶᠢᠭᠤᠯᠤᠭᠰᠠᠨ ᠰᠢᠰᠲ᠋ᠧᠮ ᠤᠨ ᠲᠤᠭ᠎ᠠ ᠪᠦᠷᠢᠳᠬᠡᠯ ᠤᠨ ᠬᠦᠰᠦᠨᠦᠭᠲᠦ ᠶᠢ ᠲᠠᠭᠯᠠᠨ ᠪᠢᠴᠢᠨ᠎ᠡ    ᠡᠯ᠎ᠡ ᠨᠢᠭᠡᠴᠢ ᠲᠣᠰ ᠲᠣᠰ ᠤᠨ ᠥᠪᠡᠰᠦᠪᠡᠨ ᠪᠠᠶᠢᠭᠤᠯᠤᠭᠰᠠᠨ ᠰᠢᠰᠲ᠋ᠧᠮ ᠤᠨ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠵᠤ᠂ ᠲᠣᠰ ᠪᠢᠴᠢᠭ ᠮᠠᠲ᠋ᠧᠷᠢᠶᠠᠯ ᠤᠨ ᠳᠠᠷᠠᠭᠠᠬᠢ ︽ᠥᠪᠡᠰᠦᠪᠡᠨ ᠪᠠᠶᠢᠭᠤᠯᠤᠭᠰᠠᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ︾ ︵ᠳᠠᠭᠠᠯᠳᠤᠭᠤᠯᠤᠯ 2︶ ᠶᠢᠨ ᠠᠭᠤᠯᠭ᠎ᠠ ᠶᠢᠨ ᠶᠣᠰᠣᠭᠠᠷ ᠲᠠᠭᠯᠠᠵᠤ᠂ ᠳᠠᠭᠠᠯᠳᠤᠭᠤᠯᠤᠯ 1 ᠯᠦᠭᠡ ᠬᠠᠮᠲᠤ ᠳᠤᠨᠢ ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠢ᠃    ᠭᠤᠷᠪᠠ᠂ ᠠᠵᠢᠯ ᠤᠨ ᠱᠠᠭᠠᠷᠳᠠᠯᠭ᠎ᠠ    ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠲᠣᠰ ᠤᠳᠠᠭᠠᠨ ᠤ ᠪᠠᠶᠢᠴᠠᠭᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠡᠭᠦᠯᠴᠢ ᠶᠢᠨ ᠬᠤᠭᠤᠴᠠᠭᠠᠨ ᠤ ᠪᠠᠶᠢᠴᠠᠭᠠᠯᠲᠠ ᠶᠢᠨ ᠳᠤᠮᠳᠠ ᠬᠡᠷᠪᠡ ᠮᠡᠳᠡᠭᠦᠯᠬᠦ ᠠᠴᠠ ᠣᠷᠬᠢᠭᠳᠠᠭᠤᠯᠤᠭᠰᠠᠨ᠂ ᠮᠡᠳᠡᠭᠦᠯᠬᠦ ᠦᠭᠡᠢ ᠨᠢᠭᠤᠭᠰᠠᠨ ᠦᠵᠡᠭᠳᠡᠯ ᠢ ᠣᠯᠵᠤ ᠮᠡᠳᠡᠪᠡᠯ᠂ ᠦᠷ᠎ᠡ ᠳ᠋ᠦᠩ ᠢ ᠥᠪᠡᠰᠦᠪᠡᠨ ᠬᠠᠷᠢᠭᠤᠴᠠᠬᠤ ᠬᠡᠷᠡᠭᠲᠡᠢ᠃    ᠳᠠᠭᠠᠯᠳᠤᠭᠤᠯᠤᠯ᠄ 1᠂ ᠲᠣᠭᠠᠴᠢᠯᠠᠭᠰᠠᠨ ᠬᠥᠭᠵᠢᠯᠲᠡ ᠵᠢᠴᠢ ᠲᠣᠭᠠᠴᠢᠯᠠᠭᠰᠠᠨ ᠡᠬᠢ ᠪᠠᠶᠠᠯᠢᠭ ᠤᠨ ᠥᠪᠡᠷ ᠤᠨ ᠪᠠᠶᠢᠴᠠᠭᠠᠯᠲᠠ ᠶᠢᠨ ᠮᠡᠳᠡᠭᠦᠯᠦᠯᠲᠡ    2. ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠥᠪᠡᠰᠦᠪᠡᠨ ᠪᠠᠶᠢᠭᠤᠯᠤᠭᠰᠠᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ                                           ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ                                          2024 ᠣᠨ ᠤ 6 ᠰᠠᠷ᠎ᠠ ᠶᠢᠨ 14 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号