ᠰᠤᠷᠪᠤᠯᠵᠢᠯᠠᠬᠴᠢ ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2022 ᠣᠨ ᠳᠤ ︽ᠠᠷᠪᠠᠨ ᠲᠦᠮᠡᠨ ᠣᠶᠤᠲᠠᠨ ᠢ | ᠭᠦᠭᠡᠬᠤᠲᠠ ᠳᠤ ᠦᠯᠡᠳᠡᠭᠡᠬᠦ ᠢᠨᠵᠧᠨᠧᠷᠢᠩ︾ ᠢ ᠡᠬᠢᠯᠡᠭᠦᠯᠦᠭᠰᠡᠨ ᠠᠴᠠ ᠨᠠᠭᠠᠰᠢ ᠭᠦᠭᠡᠬᠤᠲᠠ ᠶᠢᠨ ᠬᠢᠨ ︽ᠬᠥᠮᠥᠨ ᠢ | ᠲᠠᠲᠠᠵᠤ ᠭᠦᠭᠡᠬᠤᠲᠠ ᠳᠤ ᠨᠤᠲᠤᠭᠰᠢᠭᠤᠯᠬᠤ᠂ ᠴᠢᠳᠠᠪᠤᠷᠢᠲᠠᠨ ᠢ ᠴᠤᠭᠯᠠᠷᠠᠭᠤᠯᠵᠤ ᠠᠵᠢᠯ ᠦᠢᠯᠡᠰ ᠢᠶᠠᠨ | ᠬᠥᠭᠵᠢᠭᠦᠯᠬᠦ︾ ᠪᠠᠷ ᠤᠳᠤᠷᠢᠳᠤᠮᠵᠢ ᠪᠤᠯᠭᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠲᠠᠪᠴᠠᠩ ᠪᠠᠶᠢᠭᠤᠯᠬᠤ᠂ | ᠦᠢᠯᠡᠴᠢᠯᠡᠭᠡ ᠶᠢ ᠴᠢᠩᠭᠠᠳᠬᠠᠬᠤ ᠵᠡᠷᠭᠡ ᠲᠠᠯ᠎ᠠ ᠪᠠᠷ ᠬᠦᠴᠦᠯᠡᠵᠦ᠂ ᠣᠶᠤᠲᠠᠳ ᠤᠨ ᠭᠦᠭᠡᠬᠤᠲᠠ ᠳᠤ ᠦᠯᠡᠳᠡᠵᠦ | ᠠᠵᠢᠯ ᠣᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃ 5 | ᠰᠠᠷ᠎ᠠ ᠶᠢᠨ ᠰᠡᠭᠦᠯᠴᠢ ᠪᠤᠯᠲᠠᠯ᠎ᠠ᠂ ᠪᠦᠭᠦ ᠬᠤᠲᠠ 10.02 ᠲᠦᠮᠡᠨ ᠣᠶᠤᠲᠠᠳ ᠢ ᠭᠦᠭᠡᠬᠤᠲᠠ ᠳᠤ ᠦᠯᠡᠳᠡᠭᠡᠨ | ᠠᠵᠢᠯ ᠣᠯᠭᠤᠵᠤ᠂ ᠭᠤᠷᠪᠠᠨ ᠵᠢᠯ ᠤᠨ ︽ᠠᠷᠪᠠᠨ ᠲᠦᠮᠡᠨ ᠣᠶᠤᠲᠠᠳ ᠢ ᠭᠦᠭᠡᠬᠤᠲᠠ ᠳᠤ ᠦᠯᠡᠳᠡᠭᠡᠬᠦ︾ ᠬᠠᠷᠠᠯᠲᠠ | ᠡᠭᠦᠷᠭᠡ ᠪᠠᠨ ᠤᠷᠢᠳᠴᠢᠯᠠᠨ ᠪᠡᠶᠡᠯᠡᠭᠦᠯᠪᠡ᠃ | ᠡᠨᠡ ᠵᠢᠯ ᠠᠴᠠ ᠨᠠᠭᠠᠰᠢ᠂ ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ︽ᠠᠵᠢᠯ ᠣᠯᠭᠤᠯᠲᠠ ᠪᠠᠷ ᠠᠵᠤ ᠠᠬᠤᠶᠢᠯᠠᠯ ᠢ ᠲᠤᠰᠠᠯᠠᠬᠤ︾᠂︽ᠬᠥᠮᠥᠨ ᠤ | ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠪᠠᠷ ᠠᠵᠢᠯ ᠣᠯᠭᠤᠯᠲᠠ ᠶᠢ ᠠᠬᠢᠭᠤᠯᠬᠤ︾᠂︽ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾᠂ | ︽ᠭᠦᠭᠡᠬᠤᠲᠠ ᠪᠤᠭᠤᠲᠤ ᠬᠤᠶᠠᠷ ᠬᠤᠳᠠ ᠶᠢ ᠨᠢᠭᠡᠳᠦᠯᠲᠡᠢ ᠲᠥᠯᠥᠪᠵᠢᠭᠦᠯᠦᠨ ᠣᠶᠤᠲᠠᠳ ᠲᠤ ᠠᠵᠢᠯ ᠣᠯᠭᠤᠵᠤ | ᠡᠯᠰᠡᠨ ᠬᠡᠷᠡᠭᠯᠡᠬᠦ ᠶᠢ ᠬᠥᠭᠵᠢᠭᠦᠯᠬᠦ︾ ᠵᠡᠷᠭᠡ ᠰᠢᠷᠢᠰ ᠠᠵᠢᠯᠯᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠷ ᠳᠠᠮᠵᠢᠨ᠂ | ᠵᠠᠬ᠎ᠠ ᠳᠡᠯᠭᠡᠭᠦᠷ ᠤᠨ ᠠᠵᠢᠯ ᠣᠯᠭᠤᠯᠲᠠ ᠪᠠ ᠲᠥᠷᠥ ᠶᠢᠨ ᠪᠣᠳᠣᠯᠭ᠎ᠠ ᠶᠢᠨ ᠴᠢᠨᠠᠷᠲᠠᠢ ᠬᠠᠪᠰᠤᠷᠤᠨ ᠲᠡᠳᠬᠦᠵᠦ | ᠠᠵᠢᠯ ᠣᠯᠭᠤᠬᠤ ︽ᠬᠤᠣᠰ ᠴᠢᠭᠯᠡᠯ︾ ᠢᠶᠠᠷ ᠬᠦᠴᠦᠯᠡᠵᠦ᠂ ᠠᠷᠭ᠎ᠠ ᠪᠦᠭᠦᠨ ᠢ ᠰᠦᠪᠡᠭᠴᠢᠯᠡᠨ ᠣᠶᠤᠲᠠᠳ ᠤᠨ | ᠭᠦᠭᠡᠬᠤᠲᠠ ᠳᠤ ᠦᠯᠡᠳᠡᠵᠦ ᠠᠵᠢᠯ ᠣᠯᠬᠤ ᠠᠷᠭ᠎ᠠ ᠵᠠᠮ ᠢ ᠥᠷᠭᠡᠳᠬᠡᠪᠡ᠃ | ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠬᠦ ᠲᠠᠯ᠎ᠠ ᠪᠠᠷ᠂ ᠭᠦᠭᠡᠬᠤᠲᠠ ᠶᠢᠨ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ︽ᠠᠵᠢᠯ ᠤᠨ ᠪᠠᠶᠢᠷᠢ ᠶᠢᠨ ᠳᠠᠯᠳᠠ | ᠬᠦᠴᠦᠨ ᠢ ᠠᠭᠤᠳᠠᠯᠬᠤ︾ ᠪᠠᠨ ᠴᠢᠩᠭᠠᠳᠬᠠᠵᠤ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠠᠵᠤ ᠦᠢᠯᠡᠰ ᠤᠨ ᠠᠵᠢᠯ ᠤᠨ ᠪᠠᠶᠢᠷᠢ ᠶᠢ | ᠥᠷᠭᠡᠳᠬᠡᠬᠦ︾ ᠠᠵᠢᠯᠯᠠᠭ᠎ᠠ ᠥᠷᠨᠢᠭᠦᠯᠵᠦ᠂ 1 ᠠᠴᠠ 5 ᠰᠠᠷ᠎ᠠ ᠳᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠢ 38 ᠰᠢᠨ᠎ᠡ ᠪᠠᠷ ᠨᠡᠮᠡᠭᠳᠡᠭᠦᠯᠵᠦ᠂ ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠲᠥᠷᠥᠯ ᠵᠦᠢᠯ ᠢ 74 ᠰᠢᠨ᠎ᠡ ᠪᠠᠷ ᠣᠷᠣᠭᠤᠯᠤᠨ ᠠᠪᠴᠢᠷᠠᠵᠤ᠂ ᠲᠦᠮᠡ ᠭᠠᠷᠤᠢ ᠠᠵᠢᠯ ᠤᠨ ᠪᠠᠶᠢᠷᠢ ᠶᠢ | ᠳᠠᠶᠢᠴᠢᠯᠠᠨ ᠰᠢᠨ᠎ᠡ ᠪᠠᠷ ᠨᠡᠮᠡᠭᠳᠡᠭᠦᠯᠪᠡ᠃ ︽ᠠᠵᠤ ᠠᠬᠤᠶᠢᠯᠠᠯ ᠢ ᠰᠤᠷᠪᠤᠯᠵᠢᠯᠠᠨ ᠠᠵᠢᠯ ᠤᠨ ᠪᠠᠶᠢᠷᠢ ᠡᠷᠢᠬᠦ︾ | ᠠᠵᠢᠯᠯᠠᠭ᠎ᠠ ᠶᠢ ᠬᠡᠷᠡᠭᠵᠢᠭᠦᠯᠵᠦ᠂ ᠴᠢᠨᠠᠷ ᠰᠠᠶᠢᠲᠠᠢ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠨᠡᠶᠢᠲᠡ 36 | ᠲᠦᠮᠡ ᠤᠳᠠᠭ᠎ᠠ ᠬᠠᠩᠭᠠᠪᠠ᠃ ᠠᠵᠢᠯ ᠦᠢᠯᠡᠰ ᠤᠨ ᠨᠢᠭᠡᠴᠢ ᠶᠢᠨ ᠴᠢᠳᠠᠪᠤᠷᠢᠲᠠᠨ ᠤᠷᠢᠬᠤ ᠪᠠ ᠠᠵᠢᠯᠲᠠᠨ ᠡᠯᠰᠡᠨ | ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠴᠢᠳᠠᠪᠤᠷᠢᠲᠠᠨ ᠤᠷᠢᠬᠤ ᠪᠠ ᠢᠯᠡ ᠪᠠᠷ ᠠᠵᠢᠯᠲᠠᠨ ᠡᠯᠰᠡᠨ ᠬᠡᠷᠡᠭᠯᠡᠬᠦ | ᠲᠥᠯᠥᠪᠯᠡᠭᠡ ᠶᠢᠨ ᠠᠵᠢᠯ ᠤᠨ ᠪᠠᠶᠢᠷᠢ ᠶᠢ 3100 ᠶᠢ ᠨᠡᠶᠢᠲᠡᠯᠡᠪᠡ᠃ | ᠬᠠᠩᠭᠠᠯᠭ᠎ᠠ ᠬᠡᠷᠡᠭᠴᠡᠭᠡ ᠶᠢᠨ ᠲᠠᠪᠴᠠᠩ ᠢ ᠪᠠᠶᠢᠭᠤᠯᠬᠤ ᠲᠠᠯ᠎ᠠ ᠪᠠᠷ᠂ ᠭᠦᠭᠡᠬᠤᠲᠠ ᠶᠢᠨ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ︽ᠨᠠᠷᠢᠯᠢᠭ ᠤᠨᠤᠪᠴᠢᠳᠠᠢ | ᠵᠣᠯᠭᠠᠭᠤᠯᠬᠤ︾ ᠶᠢ ᠴᠢᠩᠭᠠᠳᠬᠠᠵᠤ᠂ ︽ᠵᠠᠰᠠᠭ ᠰᠤᠷᠭᠠᠭᠤᠯᠢ ᠠᠵᠤ ᠠᠬᠤᠶᠢᠯᠠᠯ︾ ᠤᠨ ᠬᠤᠯᠪᠤᠭ᠎ᠠ ᠶᠢᠨ ᠦᠢᠯᠡᠳᠦᠯ ᠢ | ᠭᠦᠢᠴᠡᠳ ᠪᠠᠳᠠᠷᠠᠭᠤᠯᠤᠨ᠂ ᠰᠤᠷᠭᠠᠭᠤᠯᠢ ᠠᠵᠤ ᠠᠬᠤᠶᠢᠯᠠᠯ ᠢ ᠤᠨᠢᠨ ᠳᠡᠭᠡᠷ᠎ᠡ ᠨᠢ ᠵᠣᠯᠭᠠᠭᠤᠯᠬᠤ ᠲᠠᠪᠴᠠᠩ ᠢ | ᠪᠠᠶᠢᠭᠤᠯᠵᠤ᠂ 1 ᠠᠴᠠ 5 ᠰᠠᠷ᠎ᠠ ᠳᠤ ᠬᠤᠲᠠ᠂ ᠲᠣᠭᠤᠷᠢᠭ ᠬᠤᠶᠠᠷ ᠱᠠᠲᠤᠨ ᠤ ᠠᠵᠢᠯ ᠣᠯᠭᠤᠯᠲᠠ ᠶᠢᠨ ᠣᠯᠠᠨ | ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠳᠠᠬᠢ ᠡᠯ᠎ᠡ | ᠲᠥᠷᠥᠯ ᠤᠨ ᠠᠵᠢᠯᠲᠠᠨ ᠡᠯᠰᠡᠬᠦ ᠵᠥᠪᠳᠡᠯᠴᠡᠭᠡᠨ ᠤ ᠠᠵᠢᠯᠯᠠᠭ᠎ᠠ ᠶᠢ ᠨᠡᠶᠢᠲᠡ 81 ᠤᠳᠠᠭ᠎ᠠ ᠡᠷᠭᠢᠯᠡᠵᠦ᠂ 11.53 | ᠲᠦᠮᠡᠨ ᠤᠳᠠᠭ᠎ᠠ ᠠᠵᠢᠯ ᠤᠨ ᠪᠠᠶᠢᠷᠢ ᠬᠠᠩᠭᠠᠵᠤ᠂ 4.22 ᠲᠦᠮᠡᠨ ᠬᠥᠮᠥᠨ ᠤᠳᠠᠭ᠎ᠠ ᠠᠵᠢᠯ ᠣᠯᠭᠤᠬᠤ ᠰᠠᠨᠠᠮᠵᠢ | ᠲᠤᠭᠢᠷᠠᠯᠴᠠᠪᠠ᠃ ᠤᠷᠢᠳ ᠬᠤᠵᠢᠳ 611 ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠶᠡᠭᠡ ᠳᠡᠭᠡᠳᠦ | ᠰᠤᠷᠭᠠᠭᠤᠯᠢ ᠳᠤ ᠬᠦᠷᠴᠦ ᠲᠤᠬᠠᠢ ᠶᠢᠨ ᠲᠠᠯᠠᠪᠠᠢ ᠶᠢᠨ ᠠᠵᠢᠯᠲᠠᠨ ᠡᠯᠰᠡᠬᠦ ᠴᠤᠭᠯᠠᠭᠠᠨ ᠡᠷᠭᠢᠯᠡᠵᠤ᠂ 2.12 ᠲᠦᠮᠡᠨ | ᠤᠳᠠᠭ᠎ᠠ ᠠᠵᠢᠯ ᠤᠨ ᠪᠠᠶᠢᠷᠢ ᠬᠠᠩᠭᠠᠪᠠ᠃ ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ | ᠲᠠᠨᠢᠯᠴᠠᠭᠤᠯᠬᠤ ᠰᠠᠭᠤᠷᠢᠨ ᠳᠤ ᠲᠦᠰᠢᠭᠯᠡᠨ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ | ᠲᠠᠨᠢᠯᠴᠠᠭᠤᠯᠬᠤ ᠠᠵᠢᠯᠯᠠᠭ᠎ᠠ ᠶᠢ 246 ᠲᠠᠯᠠᠪᠠᠢ ᠥᠷᠨᠢᠭᠦᠯᠵᠦ᠂ 4.8 ᠲᠦᠮᠡᠨ ᠠᠵᠢᠯ ᠤᠨ ᠪᠠᠶᠢᠷᠢ ᠬᠠᠩᠭᠠᠪᠠ᠃ | ᠡᠭᠦᠨ ᠠᠴᠠ ᠭᠠᠳᠠᠨ᠎ᠠ᠂ ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠪᠠᠰᠠ ᠭᠦᠭᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ ᠣᠶᠤᠲᠠᠳ ᠤᠨ ᠭᠦᠭᠡᠬᠤᠲᠠ ᠳᠤ ᠦᠯᠡᠳᠡᠵᠦ ᠠᠵᠢᠯ | ᠣᠯᠬᠤ ᠦᠢᠯᠡᠴᠢᠯᠡᠭᠡ ᠶᠢ ᠰᠢᠯᠢᠳᠡᠭᠵᠢᠭᠦᠯᠪᠡ᠃ ᠥᠨᠳᠥᠷ ᠲᠦᠪᠰᠢᠨ ᠪᠦᠬᠦᠢ ᠣᠯᠠᠨ ᠨᠡᠶᠢᠲᠡ ᠶᠢᠨ ᠠᠵᠢᠯ ᠣᠯᠭᠤᠵᠤ | ᠦᠢᠯᠡᠰ ᠪᠣᠰᠬᠠᠬᠤ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠣᠳᠣᠬᠠᠨ ᠳᠤ ᠪᠦᠭᠦ ᠬᠤᠲᠠ ᠳᠤ ᠠᠵᠢᠯ | ᠣᠯᠭᠤᠬᠤ ᠮᠡᠷᠭᠡᠵᠢᠯ ᠤᠨ ᠤᠷ᠎ᠠ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ 60᠂ ᠳᠡᠭᠡᠳᠦ ᠲᠡᠰ ᠤᠨ | ᠤᠷ᠎ᠠ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ 10᠂ ᠦᠢᠯᠡᠰ ᠪᠣᠰᠬᠠᠬᠤ ᠨᠡᠪᠴᠢᠭᠦᠯᠬᠦ | ᠰᠠᠭᠤᠷᠢᠨ 35 ᠶᠢ ᠪᠠᠶᠢᠭᠤᠯᠪᠠ᠃ ᠵᠢᠨᠴᠢᠶᠣᠣ ᠶᠢᠨ ︽ᠰᠢᠨ᠎ᠡ ᠶᠢ ᠡᠭᠦᠳᠴᠦ ᠦᠢᠯᠡᠰ ᠪᠣᠰᠬᠠᠬᠤ︾ ᠵᠢᠱᠢᠶ᠎ᠡ | ᠦᠵᠡᠭᠦᠯᠭᠦ ᠣᠷᠣᠨ ᠳᠤ︽ᠭᠦᠭᠡᠬᠤᠳᠠ ᠳᠤ ᠦᠨᠳᠦᠰᠦᠯᠡᠬᠦ︾ ᠣᠶᠤᠲᠠᠳ ᠤᠨ ᠦᠢᠯᠡᠰ ᠪᠣᠰᠬᠠᠵᠤ ᠰᠢᠨ᠎ᠡ ᠶᠢ | ᠡᠭᠦᠳᠬᠦ ᠵᠢᠱᠢᠶ᠎ᠡ ᠦᠵᠡᠭᠦᠯᠭᠦ ᠰᠠᠭᠤᠷᠢᠨ ᠢ ᠪᠠᠶᠢᠭᠤᠯᠵᠤ᠂ ᠬᠤᠷᠢᠨᠭᠡᠷ ᠰᠢᠨ᠎ᠡ ᠲᠣᠭᠤᠷᠢᠭ ᠲᠤ ᠠᠵᠤ ᠦᠢᠯᠡᠰ ᠵᠢᠭᠠᠨ | ᠰᠤᠷᠭᠠᠯᠲᠠ ᠶᠢ ᠠᠭᠤᠰᠤᠯᠴᠠᠭᠤᠯᠤᠭᠰᠠᠨ ᠪᠣᠳᠠᠲᠤ ᠪᠣᠯᠪᠠᠰᠤᠷᠠᠯ ᠤᠨ ᠰᠠᠭᠤᠷᠢᠨ ᠢ ᠪᠠᠶᠢᠭᠤᠯᠵᠤ᠂ ᠪᠦᠭᠦ ᠣᠷᠣᠨ ᠤ | ᠠᠩᠬᠠᠳᠠᠭᠴᠢ ᠪᠦᠯᠦᠭ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠮᠥᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ | ᠪᠠ ᠴᠢᠳᠠᠪᠤᠷᠢᠲᠠᠨ ᠤ ᠣᠷᠣᠵᠤ ᠢᠷᠡᠬᠦ ᠶᠢ ᠠᠬᠢᠭᠤᠯᠪᠠ᠃ | ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠲᠠᠯ᠎ᠠ ᠪᠠᠷ᠂ ᠭᠦᠭᠡᠬᠤᠲᠠ ᠶᠢᠨ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ︽ᠰᠢᠨ᠎ᠡ ᠶᠢ ᠡᠭᠦᠳᠬᠦ ᠪᠠᠷ | ᠬᠥᠲᠥᠯᠥᠨ ᠳᠠᠭᠠᠭᠤᠯᠬᠤ︾ ᠶᠢ ᠴᠢᠩᠭᠠᠳᠬᠠᠵᠤ᠂ ᠣᠶᠤᠲᠠᠨ ᠵᠡᠷᠭᠡ ᠵᠠᠯᠠᠭᠤᠴᠤᠳ ᠢ ᠵᠣᠬᠢᠶᠠᠨ ᠪᠠᠶᠢᠭᠤᠯᠵᠤ 1.8 | ᠲᠦᠮᠡᠨ ᠬᠥᠮᠥᠨ ᠤᠳᠠᠭ᠎ᠠ ᠳᠤ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠪᠡ; ᠪᠦᠭᠦ ᠬᠤᠲᠠ ᠳᠤ 36 | ᠲᠣᠭᠲᠠᠭᠰᠠᠨ ᠴᠡᠭ ᠤᠨ ᠪᠠᠶᠢᠭᠤᠯᠤᠮᠵᠢ ᠶᠢ ᠴᠤᠭᠯᠠᠭᠤᠯᠤᠨ ᠦᠢᠯᠡᠰ ᠪᠣᠰᠬᠠᠬᠤ ᠪᠣᠯᠪᠠᠰᠤᠷᠠᠯ ᠢ 3261 ᠬᠥᠮᠥᠨ | ᠤᠳᠠᠭ᠎ᠠ ᠥᠷᠨᠢᠭᠦᠯᠵᠦ᠂ ᠣᠶᠤᠲᠠᠨ ᠤ ᠦᠢᠯᠡᠰ ᠪᠣᠰᠬᠠᠬᠤ ᠳᠠᠳᠤᠯᠭ᠎ᠠ ᠪᠣᠯᠪᠠᠰᠤᠷᠠᠯ ᠳᠤ 8932 ᠬᠥᠮᠥᠨ ᠤᠳᠠᠭ᠎ᠠ | ᠣᠷᠣᠯᠴᠠᠵᠤ᠂ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢ 3132 ᠲᠦᠮᠡᠨ ᠲᠥᠭᠦᠷᠢᠭ ᠲᠠᠯᠪᠢᠪᠠ᠃ 531 | ᠣᠶᠤᠲᠠᠳ ᠢ ᠵᠣᠬᠢᠶᠠᠨ ᠪᠠᠶᠢᠭᠤᠯᠤᠨ ᠵᠢᠨᠴᠢᠶᠣᠣ ᠶᠢᠨ ︽ᠰᠢᠨ᠎ᠡ ᠶᠢ ᠡᠭᠦᠳᠴᠦ ᠦᠢᠯᠡᠰ ᠪᠣᠰᠬᠠᠬᠤ︾ ᠵᠢᠱᠢᠶ᠎ᠡ | ᠦᠵᠡᠭᠦᠯᠭᠦ ᠣᠷᠣᠨ ᠳᠤ ᠣᠷᠣᠵᠤ ᠰᠠᠭᠤᠬᠤ ᠵᠡᠷᠭᠡ ᠠᠵᠤ ᠠᠬᠤᠶᠢᠯᠠᠯ ᠤᠨ ᠳᠠᠳᠤᠯᠭ᠎ᠠ ᠪᠣᠯᠪᠠᠰᠤᠷᠠᠯ ᠤᠨ | ᠠᠵᠢᠯᠯᠠᠭ᠎ᠠ ᠳᠤ ᠣᠷᠣᠯᠴᠠᠭᠤᠯᠪᠠ᠃ ᠭᠦᠭᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢ ᠶᠢᠨ | ᠲᠥᠯᠥᠭᠡᠯᠡᠭᠴᠢ ᠶᠢ ᠤᠷᠢᠵᠤ ᠣᠷᠣᠨ ᠤ ᠲᠥᠪ ᠤᠨ ᠪᠠᠶᠢᠭᠤᠯᠭ᠎ᠠ᠂ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠳᠤ | ᠣᠴᠢᠭᠤᠯᠵᠤ᠂ ᠭᠦᠭᠡᠬᠤᠲᠠ ᠶᠢᠨ ᠬᠤᠳᠠ ᠶᠢᠨ ᠪᠦᠲᠦᠭᠡᠨ ᠪᠠᠶᠢᠭᠤᠯᠤᠯᠲᠠ᠂ ᠲᠡᠦᠬᠡ ᠰᠣᠶᠣᠯ ᠢᠷᠭᠡᠨᠰᠢᠯ᠂ ᠠᠵᠤ | ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠭᠤᠯᠤᠨ᠂ ᠴᠢᠳᠠᠪᠤᠷᠢᠲᠠᠨ ᠬᠢᠭᠡᠳ ᠬᠤᠳᠠ ᠶᠢᠨ | ᠬᠤᠣᠰ ᠴᠢᠭᠯᠡᠯ ᠢᠶᠠᠷ ᠤᠷᠤᠭᠰᠢᠯᠠᠬᠤ᠂ ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠬᠤ ᠶᠢ ᠠᠬᠢᠭᠤᠯᠪᠠ᠃ | | | |