ᠤᠮᠠᠷᠠᠲᠤ ᠬᠢᠯᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠰᠣᠳᠣᠨ ᠪᠦᠲᠦᠭᠡᠯ ᠤᠨ ᠦᠵᠡᠭᠦᠯᠭᠡ ᠡᠬᠢᠯᠡᠯ᠎ᠡ
ᠨᠡᠶᠢᠲᠡᠯᠡᠭᠰᠡᠨ ᠴᠠᠭ᠄
2024/6/17
     6 ᠰᠠᠷ᠎ᠠ ᠶᠢᠨ 15 ᠤ ᠡᠳᠦᠷ᠂︽ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ ᠰᠣᠶᠣᠯ ᠵᠢᠭᠤᠯᠴᠢᠯᠠᠯ  ᠤᠨ ᠬᠡᠷᠡᠭᠯᠡᠭᠡ ᠶᠢ ᠠᠬᠢᠭᠤᠯᠬᠤ︾ ᠪᠠᠷ ᠭᠤᠣᠯ ᠰᠡᠳᠦᠪ ᠪᠤᠯᠭᠠᠬᠰᠠᠨ ᠤᠮᠠᠷᠠᠲᠤ ᠬᠢᠯᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠰᠣᠳᠣᠨ ᠪᠦᠲᠦᠭᠡᠯ ᠤᠨ ᠦᠵᠡᠭᠦᠯᠭᠡ ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ  ᠳᠤ ᠡᠬᠢᠯᠡᠵᠦ᠂ ᠦᠵᠡᠭᠦᠯᠭᠡ ᠲᠣᠬᠯᠠᠯᠲᠠ᠂ ᠦᠵᠡᠰᠭᠦᠯᠡᠩ ᠴᠤᠭᠯᠠᠭᠠᠨ᠂ ᠰᠤᠳᠤᠯᠤᠨ ᠰᠤᠷᠤᠯᠴᠠᠯᠭ᠎ᠠ᠂ ᠪᠣᠳᠠᠰ ᠤᠨ ᠪᠤᠰᠤ ᠰᠣᠶᠣᠯ ᠤᠨ ᠥᠪ ᠤᠨ ᠰᠥᠨᠢ ᠶᠢᠨ ᠵᠠᠬ᠎ᠠ᠂ ᠪᠣᠳᠠᠰ ᠤᠨ ᠪᠤᠰᠤ ᠰᠣᠶᠣᠯ ᠤᠨ ᠥᠪ ᠤᠨ ᠠᠷᠠᠯᠵᠢᠶᠠᠨ ᠤ ᠴᠤᠭᠯᠠᠭ᠎ᠠ᠂ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠵᠡᠷᠭᠡ ᠰᠢᠷᠢᠰ ᠠᠵᠢᠯᠯᠠᠭ᠎ᠠ ᠵᠠᠯᠭᠠᠭ᠎ᠠ ᠪᠠᠷ ᠶᠠᠪᠤᠭᠳᠠᠵᠤ ᠡᠬᠢᠯᠡᠯ᠎ᠡ᠃      ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠳᠤ ᠬᠦᠷᠬᠦ ᠳᠤ ᠤᠷᠲᠤ ᠶᠢᠨ ᠳᠠᠭᠤᠤ᠂ ᠬᠥᠭᠡᠮᠡᠢ᠂ ᠭᠡᠰᠡᠷ᠂ ᠵᠠᠩᠭᠠᠷ᠂ ᠬᠤᠯᠪᠤᠭ᠎ᠠ᠂ ᠡᠯ ᠷᠧᠨ ᠲᠠᠢ᠂ ᠨᠤᠭᠤ ᠪᠥᠵᠢᠭ᠂ ᠠᠨᠳᠠᠢ ᠪᠥᠵᠢᠭ᠂ ᠣᠷᠣᠰ ᠠᠷᠠᠳ ᠤᠨ ᠪᠥᠵᠢᠭ᠂ ᠮᠣᠷᠢᠨ ᠬᠤᠭᠤᠷ᠂ ᠳᠥᠷᠪᠡᠨ ᠤᠲᠠᠰᠤᠲᠤ ᠬᠤᠭᠤᠷ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠤᠳ ᠢ ᠡᠭᠡᠯᠵᠢᠯᠡᠨ ᠲᠣᠭᠯᠠᠵᠤ᠂ ᠣᠯᠠᠨ ᠲᠦᠮᠡᠨ ᠳᠤ ᠪᠣᠳᠠᠰ ᠤᠨ ᠪᠤᠰᠤ ᠰᠣᠶᠣᠯ ᠤᠨ ᠥᠪ ᠤᠨ ᠦᠪᠡᠳᠡᠭᠰᠢ ᠨᠠᠶᠢᠷ ᠤᠨ ᠳᠤᠮᠳᠠ ᠤᠮᠠᠷᠠᠲᠤ ᠬᠢᠯᠢ ᠶᠢᠨ ᠰᠣᠶᠣᠯ ᠤᠨ ᠷᠢᠳᠢ ᠰᠢᠳᠢ ᠶᠢ ᠮᠡᠳᠡᠷᠡᠭᠦᠯᠵᠦ ᠪᠠᠶᠢᠯ᠎ᠠ᠃ ᠲᠤᠰ ᠦᠵᠡᠭᠦᠯᠭᠡ ᠳᠤ 150 ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠨ 110 ᠭᠠᠷᠤᠢ ᠤᠯᠠᠮᠵᠢᠯᠠᠭᠴᠢ ᠤᠷᠤᠯᠴᠠᠵᠤ᠂ ᠦᠰᠦᠭ ᠪᠢᠴᠢᠭ᠂ ᠭᠡᠷᠡᠯ ᠵᠢᠷᠤᠭ ᠪᠠ ᠸᠢᠳᠢᠤ᠋ ᠵᠡᠷᠭᠡ 2000 ᠭᠠᠷᠤᠢ ᠬᠤᠪᠢ ︵ᠢᠵᠢ︶ ᠪᠣᠳᠠᠰ ᠤᠨ ᠪᠤᠰᠤ ᠰᠣᠶᠣᠯ   ᠤᠨ ᠥᠪ ᠤᠨ ᠪᠦᠲᠦᠭᠡᠯ ᠵᠢᠴᠢ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠳᠡᠯᠭᠡᠨ ᠦᠵᠡᠭᠦᠯᠵᠦ᠂ ᠮᠣᠩᠭᠤᠯ ᠮᠣᠷᠢᠨ ᠤ ᠵᠣᠷᠢᠭ ᠰᠠᠨᠠᠭ᠎ᠠ᠂ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠪᠣᠯᠣᠨ ᠤᠯᠤᠰ ᠢᠶᠠᠨ ᠬᠠᠶᠢᠷᠠᠯᠠᠬᠤ᠂ ᠦᠨᠡᠨᠴᠢ ᠰᠢᠳᠤᠷᠭᠤ ᠪᠠᠶᠢᠬᠤ᠂ ᠪᠦᠯᠬᠦᠮᠳᠡᠬᠦ᠂ ᠬᠠᠷᠢᠭᠤᠴᠠᠯᠭ᠎ᠠ ᠡᠭᠦᠷᠭᠡᠯᠡᠬᠦ ᠪᠠᠷ ᠭᠤᠣᠯ ᠣᠶᠢᠯᠠᠭᠠᠭᠳᠠᠬᠤᠨ ᠪᠤᠯᠭᠠᠬᠰᠠᠨ ᠤᠮᠠᠷᠠᠲᠤ ᠬᠢᠯᠢ ᠶᠢᠨ ᠰᠣᠶᠣᠯ ᠢ ᠪᠦᠭᠦ ᠲᠠᠯ᠎ᠠ ᠤᠯᠠᠨ ᠬᠠᠷᠠᠭᠠᠰᠤ ᠠᠴᠠ ᠲᠠᠶᠢᠯᠪᠤᠷᠢᠯᠠᠨ ᠦᠵᠡᠭᠦᠯᠵᠦ ᠪᠤᠢ᠃ ᠪᠠᠰᠠ ︽ᠤᠮᠠᠷᠠᠲᠤ ᠬᠢᠯᠢ ᠶᠢᠨ ᠰᠣᠶᠣᠯ ᠤᠨ ᠬᠢᠴᠢᠶᠡᠯ ᠤᠨ ᠲᠠᠩᠬᠢᠮ︾᠂ ︽ᠤᠯᠠᠮᠵᠢᠯᠠᠯᠲᠤ ᠭᠠᠷ ᠤᠷᠠᠯᠠᠯ ᠤᠨ ᠬᠢᠴᠢᠶᠡᠯ ᠤᠨ ᠲᠠᠩᠬᠢᠮ︾᠂ ︽ᠪᠢᠴᠢᠬᠠᠨ ᠤᠯᠠᠮᠵᠢᠯᠠᠭᠴᠢ︾ ᠵᠡᠷᠭᠡ ᠲᠥᠷᠥᠯ ᠲᠡᠮᠳᠡᠭᠲᠦ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠦᠨ᠂ ᠪᠤᠭᠤᠲᠤ ᠶᠢᠨ ᠴᠠᠭᠠᠰᠤᠨ ᠬᠠᠶᠢᠴᠢᠯᠠᠮᠠᠯ᠂ ᠶᠤᠸᠠᠨ ᠪᠦᠦ ᠱᠠᠨ ᠤ ᠵᠢᠷᠤᠭᠲᠤ ᠬᠤᠯᠤ᠂ ᠭᠤᠯᠢᠷ ᠪᠠᠷᠢᠮᠠᠯ᠂ ᠬᠠᠳᠠᠨ ᠵᠢᠷᠤᠭ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠲᠤᠬᠠᠢ ᠶᠢᠨ ᠲᠠᠯᠠᠪᠠᠢ ᠳᠤ ᠬᠢᠴᠢᠶᠡᠯᠯᠡᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠢ ᠰᠤᠳᠤᠯᠤᠨ ᠰᠤᠷᠤᠯᠴᠠᠬᠤ ᠦᠢᠯᠡᠳᠦᠯᠭᠡ ᠳᠤ ᠣᠷᠣᠯᠴᠠᠭᠤᠯᠵᠤ ᠪᠠᠶᠢᠯ᠎ᠠ᠃      ᠣᠶᠢᠯᠠᠭᠠᠭᠰᠠᠨ ᠢᠶᠠᠷ᠂ 6 ᠰᠠᠷ᠎ᠠ ᠶᠢᠨ 24 ᠤ ᠡᠳᠦᠷ ᠪᠤᠯᠳᠠᠯ᠎ᠠ ᠶᠠᠪᠤᠭᠳᠠᠬᠤ ᠤᠮᠠᠷᠠᠲᠤ ᠬᠢᠯᠢ ᠶᠢᠨ ᠪᠣᠳᠠᠰ  ᠤᠨ ᠪᠤᠰᠤ ᠰᠣᠶᠣᠯ ᠤᠨ ᠥᠪ ᠤᠨ ᠰᠣᠳᠣᠨ ᠪᠦᠲᠦᠭᠡᠯ ᠤᠨ ᠦᠵᠡᠭᠦᠯᠭᠡ ᠶᠢᠨ ᠬᠤᠭᠤᠴᠠᠭᠠᠨ ᠳᠤ ᠪᠠᠰᠠ ᠪᠣᠳᠠᠰ  ᠤᠨ ᠪᠤᠰᠤ ᠰᠣᠶᠣᠯ ᠤᠨ ᠥᠪ ᠤᠨ ᠰᠥᠨᠢ ᠶᠢᠨ ᠵᠠᠬ᠎ᠠ ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠬᠤᠳᠠᠯᠳᠤᠭᠠᠨ ᠤ ᠴᠤᠭᠯᠠᠭ᠎ᠠ ᠶᠢ ᠡᠷᠭᠢᠯᠡᠨ ᠶᠠᠪᠤᠭᠳᠠᠭᠤᠯᠵᠤ᠂ 100 ᠭᠠᠷᠤᠢ ᠪᠣᠳᠠᠰ ᠤᠨ ᠪᠤᠰᠤ ᠰᠣᠶᠣᠯ ᠤᠨ ᠥᠪ  ᠤᠨ ᠠᠷᠠᠯᠵᠢᠶᠠᠴᠢᠨ᠂ ᠰᠣᠶᠣᠯ ᠤᠨ ᠡᠭᠦᠳᠦᠯᠲᠡ ᠶᠢᠨ ᠠᠵᠤ ᠠᠬᠤᠶᠢᠯᠠᠯ᠂ ᠢᠳᠡᠭᠡᠨ ᠤᠮᠳᠠᠭᠠᠨ ᠠᠮᠲᠠᠲᠤ ᠢᠳᠡᠭᠡᠨ ᠤ ᠳᠡᠯᠭᠡᠭᠦᠷ ᠢ ᠵᠣᠬᠢᠶᠠᠨ ᠪᠠᠶᠢᠭᠤᠯᠵᠤ ᠰᠥᠨᠢ ᠶᠢᠨ ᠬᠤᠳᠠᠯᠳᠤᠭ᠎ᠠ᠂ ᠰᠥᠨᠢ ᠶᠢᠨ ᠢᠳᠡᠭᠡᠨ ᠤᠮᠳᠠᠭᠠᠨ᠂ ᠰᠥᠨᠢ ᠶᠢᠨ ᠵᠢᠭᠤᠯᠴᠢᠯᠠᠯ ᠵᠡᠷᠭᠡ ᠭᠤᠣᠯ ᠰᠡᠳᠦᠪ ᠤᠨ ᠲᠣᠭᠤᠷᠢᠨ ᠳᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠥᠷᠨᠢᠭᠦᠯᠵᠦ ᠪᠤᠢ᠃ ᠡᠭᠦᠨ ᠠᠴᠠ ᠭᠠᠳᠠᠨ᠎ᠠ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠢ ᠵᠣᠯᠭᠠᠭᠤᠯᠬᠤ ᠲᠤᠰᠬᠠᠢ ᠬᠤᠷᠠᠯ ᠬᠤᠷᠠᠯᠳᠤᠭᠤᠯᠵᠤ᠂ ᠬᠠᠮᠲᠤᠷᠠᠯᠴᠠᠬᠤ ᠬᠦᠰᠡᠯ ᠲᠠᠢ ᠪᠠᠩᠬᠢ ᠪᠣᠯᠣᠨ ᠪᠡᠯᠡ ᠬᠤᠷᠠᠮᠳᠤᠭᠤᠯᠬᠤ ᠬᠡᠷᠡᠭᠴᠡᠭᠡ ᠱᠠᠭᠠᠷᠳᠠᠯᠭ᠎ᠠ  ᠲᠠᠢ ᠪᠣᠳᠠᠰ ᠤᠨ ᠪᠤᠰᠤ ᠰᠣᠶᠣᠯ ᠤᠨ ᠥᠪ ᠤᠨ ᠠᠷᠠᠯᠵᠢᠶᠠᠴᠢᠨ᠂ ᠰᠣᠶᠣᠯ ᠤᠨ ᠡᠭᠦᠳᠦᠯᠲᠡ ᠶᠢᠨ ᠠᠵᠤ ᠠᠬᠤᠶᠢᠯᠠᠯ  ᠢ ᠨᠢᠭᠤᠷᠲᠠᠨ ᠶᠠᠷᠢᠯᠴᠠᠭᠤᠯᠵᠤ᠂ ᠪᠠᠩᠬᠢ ᠠᠵᠤ ᠠᠬᠤᠶᠢᠯᠠᠯ ᠤᠨ ᠣᠨᠣᠴᠠᠲᠠᠢ ᠵᠣᠯᠭᠠᠯᠴᠠᠭ᠎ᠠ ᠶᠢ ᠠᠬᠢᠭᠤᠯᠤᠨ ᠰᠣᠶᠣᠯ ᠵᠢᠭᠤᠯᠴᠢᠯᠠᠯ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号