ᠶᠡᠷᠦᠩᠬᠡᠢ ᠱᠦᠵᠢ ᠰᠢ ᠶᠢᠨ ᠫᠢᠩ ᠤᠨ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠲᠤᠬᠠᠢ ᠵᠢᠭᠠᠪᠤᠷᠢ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠤᠯᠠᠭᠠᠨᠮᠥ᠋ᠴᠢᠷ ᠤᠨ ᠬᠢᠯᠢ ᠬᠢᠵᠠᠭᠠᠷ ᠢ ᠰᠠᠬᠢᠵᠤ ᠰᠡᠷᠭᠡᠶᠢᠯᠡᠯᠲᠡ ᠶᠢ ᠪᠠᠬᠢᠵᠢᠭᠦᠯᠬᠦ ᠳᠤᠮᠳᠠᠬᠢ | ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠣᠯᠠᠨ ᠲᠦᠮᠡᠨᠴᠢ ᠴᠢᠨᠠᠷᠲᠠᠢ ᠬᠤᠶᠠᠷ ᠢ ᠬᠦᠷᠢᠶᠡᠯᠡᠬᠦ ᠰᠣᠶᠣᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ | ᠥᠷᠨᠢᠭᠦᠯᠵᠦ᠂ ᠥᠷᠭᠡᠨ ᠣᠯᠠᠨ ᠴᠡᠷᠢᠭ ᠠᠷᠠᠳ ᠤᠨ ᠬᠢᠯᠢ ᠬᠢᠵᠠᠭᠠᠷ ᠢ ᠰᠠᠬᠢᠵᠤ ᠰᠡᠷᠭᠡᠶᠢᠯᠡᠯᠲᠡ ᠶᠢ ᠪᠠᠬᠢᠵᠢᠭᠦᠯᠬᠦ | ᠬᠦᠴᠦᠷᠬᠡᠭ ᠶᠡᠭᠡ ᠣᠶᠤᠨ ᠰᠠᠨᠠᠭᠠᠨ ᠤ ᠬᠥᠳᠡᠯᠭᠡᠬᠦ ᠬᠦᠴᠦᠨ ᠢ ᠨᠢᠭᠲᠠᠷᠠᠭᠤᠯᠵᠤ᠂ ᠬᠢᠯᠢ ᠬᠢᠵᠠᠭᠠᠷ ᠤᠨ ᠬᠥᠭᠵᠢᠯ | ᠴᠡᠴᠡᠭᠯᠡᠯ ᠲᠣᠭᠲᠠᠭᠤᠨ ᠢ ᠦᠨᠡᠨ ᠬᠦ ᠪᠠᠲᠤᠯᠠᠬᠤ ᠶᠢᠨ ᠲᠥᠯᠥᠭᠡ᠂ ︽ᠠᠷᠠᠳ ᠲᠦᠮᠡᠨ ᠤ ᠳᠤᠮᠳᠠ ᠣᠴᠢᠶ᠎ᠠ — | 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠰᠠᠷ᠎ᠠ ᠶᠢᠨ | ᠠᠵᠢᠯᠯᠠᠭ᠎ᠠ︾ ᠶᠢᠨ ᠲᠠᠰᠢᠷᠠᠮ ᠢᠶᠠᠷ᠂ 6 ᠰᠠᠷ᠎ᠠ ᠶᠢᠨ 17 ᠤ ᠡᠳᠦᠷ᠂ ᠦᠴᠦᠸᠠᠨ ᠰᠢᠶᠠᠨ ᠤ ᠤᠯᠠᠭᠠᠨᠮᠥ᠋ᠴᠢᠷ ᠪᠤᠭᠤᠲᠤ | ᠬᠤᠳᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ᠂ ᠦᠴᠦᠸᠠᠨ ᠰᠢᠶᠠᠨ ᠤ | ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠬᠡᠭᠡᠷᠡᠯᠡᠨ ᠪᠠᠶᠢᠯᠳᠤᠬᠤ | ᠰᠠᠭᠤᠭ᠎ᠠ ᠴᠡᠷᠢᠭ ᠤᠨ ᠰᠠᠭᠤᠷᠢᠨ ᠭᠠᠵᠠᠷ ᠲᠤ ᠬᠦᠷᠴᠦ ︽ᠬᠢᠯᠢ ᠬᠢᠵᠠᠭᠠᠷ ᠢ ᠰᠠᠬᠢᠵᠤ ᠰᠡᠷᠭᠡᠶᠢᠯᠡᠯᠲᠡ ᠶᠢ | ᠪᠠᠬᠢᠵᠢᠭᠦᠯᠵᠦ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ︾᠂ ︽ᠬᠥᠬᠡᠬᠤᠲᠠ ᠪᠤᠭᠤᠲᠤ ᠶᠢᠨ ᠨᠢᠭᠡ | ᠬᠤᠲᠠᠴᠢᠯᠠᠭᠰᠠᠨ ᠬᠦᠭᠵᠢᠯᠲᠡ ᠶᠢ ᠠᠬᠢᠭᠤᠯᠵᠤ ᠦᠨᠳᠦᠰᠦᠲᠡᠨ ᠤ ᠪᠦᠯᠬᠦᠮᠳᠡᠯ ᠢ ᠴᠡᠷᠢᠭ ᠤᠨ ᠬᠤᠸᠠᠷᠠᠨ ᠳᠤ | ᠣᠷᠣᠭᠤᠯᠬᠤ︾ ᠲᠣᠬᠤᠨᠢᠭᠤᠯᠬᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃ | ᠲᠣᠭᠯᠠᠯᠲᠠ ᠨᠢ ᠣᠷᠭᠢᠯᠤᠮ᠎ᠠ ᠬᠠᠯᠠᠭᠤᠨ ᠰᠡᠳᠬᠢᠯᠭᠡ ᠲᠠᠢ ︽ᠲᠤᠭᠤᠷᠠᠢ ᠶᠢᠨ ᠬᠡᠪᠯᠡᠯ︾ ᠤᠨ ᠳᠤᠮᠳᠠ | ᠬᠥᠰᠢᠭᠡ ᠪᠠᠨ ᠰᠡᠬᠦᠵᠦ᠂ ᠤᠯᠠᠭᠠᠨᠮᠥ᠋ᠴᠢᠷ ᠤᠨ ᠭᠡᠰᠢᠭᠦᠳ ︽ᠴᠡᠷᠢᠭ ᠪᠣᠯᠤᠭᠰᠠᠨ ᠢᠷᠠᠭᠤ ᠠᠯᠳᠠᠷ︾᠂ ︽ᠬᠡᠨ ᠤ | ᠲᠥᠯᠥᠭᠡ ᠪᠤᠢ︾᠂ ︽ᠮᠠᠯᠴᠢᠳ ᠡᠪ ᠬᠠᠮᠲᠤ ᠨᠠᠮ ᠢᠶᠠᠨ ᠮᠠᠭᠲᠠᠨ ᠳᠠᠭᠤᠯᠠᠬᠤ︾᠂ ︽ᠲᠠᠯ᠎ᠠ ᠨᠤᠲᠤᠭ ᠲᠤ ᠵᠣᠭᠰᠣᠵᠤ | ᠪᠡᠭᠡᠵᠢᠩ ᠢ ᠪᠠᠷᠠᠯᠠᠬᠤᠶ᠎ᠠ︾᠂ ᠬᠤᠶᠠᠷ ᠤᠲᠠᠰᠤᠲᠤ ᠬᠤᠭᠤᠷ ᠤᠨ ᠭᠤᠴᠣᠯᠠᠯ ᠬᠥᠭᠵᠢᠮ ︽ᠲᠦᠮᠡᠨ ᠠᠭᠲᠠ ᠶᠢᠨ | ᠲᠦᠪᠡᠷᠭᠡᠨ︾᠂ ᠬᠥᠭᠵᠢᠮᠳᠡᠭᠦᠷ ᠤᠨ ᠨᠠᠶᠢᠷᠠᠯ ᠬᠥᠭᠵᠢᠮ ︽ᠲᠦᠮᠡᠨ ᠠᠭᠲᠠ ᠶᠢᠨ ᠲᠦᠪᠡᠷᠭᠡᠨ︾᠂ ᠬᠥᠭᠵᠢᠮᠳᠡᠭᠦᠷ ᠤᠨ | ᠨᠠᠶᠢᠷᠠᠯ ᠬᠥᠭᠵᠢᠮ ︽ᠰᠡᠳᠬᠢᠯ ᠳᠠᠬᠢ ᠲᠠᠯ᠎ᠠ ᠨᠤᠲᠤᠭ︾᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠤᠯᠠᠭᠠᠨᠮᠥ᠋ᠴᠢᠷ ᠤᠨ ᠭᠡᠰᠢᠭᠦᠳ ᠳᠥᠷᠪᠡᠨ ᠤᠲᠠᠰᠤᠲᠤ ᠬᠤᠭᠤᠷ ᠤᠨ ᠭᠤᠴᠣᠯᠠᠯ ᠬᠥᠭᠵᠢᠮ ︽ᠡᠬᠡ ᠨᠤᠲᠤᠭ︾᠂ | ︽ᠲᠠᠯ᠎ᠠ ᠨᠤᠲᠤᠭ ᠤᠨ ᠪᠠᠶᠠᠷ ᠪᠠᠭ᠋ᠠᠳᠤᠯ︾᠂ ︽ᠴᠡᠷᠢᠭ ᠢ ᠬᠦᠴᠦᠷᠬᠡᠭᠵᠢᠭᠦᠯᠬᠦ ᠲᠡᠶᠢᠨ ᠤ ᠳᠠᠭᠤᠤ︾ ᠵᠡᠷᠭᠡ ᠲᠣᠭᠯᠠᠯᠲᠠ | ᠭᠠᠷᠭᠠᠵᠤ᠂ ᠦᠨᠡᠨ ᠰᠡᠳᠬᠢᠯ ᠠᠴᠠ ᠪᠠᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠤ ᠰᠠᠶᠢᠨ ᠰᠠᠶᠢᠬᠠᠨ | ᠵᠥᠩᠨᠡᠯ ᠳᠡᠪᠰᠢᠭᠦᠯᠵᠦ᠂ ᠲᠤᠬᠠᠢ ᠶᠢᠨ ᠲᠠᠯᠠᠪᠠᠢ ᠳᠤ ᠳᠠᠷᠤᠭ᠎ᠠ ᠪᠠᠶᠢᠯᠳᠤᠭᠴᠢᠳ ᠤᠨ ᠪᠠᠶᠠᠷ ᠪᠠᠭ᠋ᠠᠳᠤᠯ ᠪᠠ ᠬᠠᠯᠠᠭᠤᠨ | ᠠᠯᠠᠭ᠎ᠠ ᠲᠡᠰᠢᠯᠲᠡ ᠶᠢ ᠣᠯᠪᠠ᠃ | ᠲᠤᠰ ᠤᠳᠠᠭᠠᠨ ᠤ ︽ᠬᠥᠬᠡᠬᠤᠲᠠ ᠪᠤᠭᠤᠲᠤ ᠶᠢᠨ ᠨᠢᠭᠡ ᠬᠤᠲᠠᠴᠢᠯᠠᠭᠰᠠᠨ ᠬᠦᠭᠵᠢᠯᠲᠡ ᠶᠢ ᠠᠬᠢᠭᠤᠯᠵᠤ | ᠦᠨᠳᠦᠰᠦᠲᠡᠨ ᠤ ᠪᠦᠯᠬᠦᠮᠳᠡᠯ ᠢ ᠴᠡᠷᠢᠭ ᠤᠨ ᠬᠤᠸᠠᠷᠠᠨ ᠳᠤ ᠣᠷᠣᠭᠤᠯᠬᠤ︾᠂ ︽ᠦᠨᠡᠨ ᠰᠡᠳᠬᠢᠯ ᠬᠠᠶᠢᠷ᠎ᠠ | ᠬᠠᠯᠠᠮᠵᠢ ᠶᠢ ᠴᠡᠷᠢᠭ ᠤᠨ ᠬᠤᠸᠠᠷᠠᠨ ᠳᠤ ᠣᠷᠣᠭᠤᠯᠵᠤ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠵᠤ ᠡᠶ᠎ᠡ | ᠵᠣᠬᠢᠴᠠᠯ ᠢ ᠠᠬᠢᠭᠤᠯᠤᠶ᠎ᠠ︾ ᠭᠡᠬᠦ ᠲᠣᠬᠤᠨᠢᠭᠤᠯᠬᠤ ᠲᠣᠭᠯᠠᠯᠲᠠ ᠶᠢᠨ ᠠᠵᠢᠯᠯᠠᠭ᠎ᠠ ᠨᠢ ᠴᠡᠷᠢᠭ ᠨᠢ ᠠᠷᠠᠳ ᠢᠶᠠᠨ | ᠬᠠᠶᠢᠷᠠᠯᠠᠬᠤ᠂ ᠠᠷᠠᠳ ᠨᠢ ᠴᠡᠷᠢᠭ ᠢᠶᠠᠨ ᠬᠦᠷᠢᠶᠡᠯᠡᠬᠦ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠢᠯᠡᠷᠡᠭᠦᠯᠵᠦ᠂ ᠴᠡᠷᠢᠭ | ᠠᠷᠠᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠶ᠎ᠡ ᠵᠣᠬᠢᠴᠠᠩᠭᠤᠢ ᠨᠡᠶᠢᠭᠡᠮ ᠢ ᠬᠠᠮᠲᠤ ᠪᠠᠷ ᠪᠠᠶᠢᠭᠤᠯᠬᠤ | ᠴᠠᠭ ᠦᠶ᠎ᠡ ᠶᠢᠨ ᠵᠣᠷᠢᠭ ᠰᠠᠨᠠᠭ᠎ᠠ ᠶᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠪᠠᠰᠠ ︽ᠬᠤᠪᠢᠰᠬᠠᠯᠲᠤ ᠤᠳᠬ᠎ᠠ | ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ | ᠦᠵᠡᠭᠦᠯᠪᠡ᠂ ᠳᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠤᠯᠠᠭᠠᠨᠮᠥ᠋ᠴᠢᠷ ᠨᠢ ︽ᠬᠢᠯᠢ ᠬᠢᠵᠠᠭᠠᠷ ᠢ ᠰᠠᠬᠢᠵᠤ | ᠰᠡᠷᠭᠡᠶᠢᠯᠡᠯᠲᠡ ᠶᠢ ᠪᠠᠬᠢᠵᠢᠭᠦᠯᠵᠦ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ︾ ︽ᠬᠥᠬᠡᠬᠤᠲᠠ ᠪᠤᠭᠤᠲᠤ ᠶᠢᠨ | ᠨᠢᠭᠡ ᠬᠤᠲᠠᠴᠢᠯᠠᠭᠰᠠᠨ ᠬᠦᠭᠵᠢᠯᠲᠡ ᠶᠢ ᠠᠬᠢᠭᠤᠯᠵᠤ ᠦᠨᠳᠦᠰᠦᠲᠡᠨ ᠤ ᠪᠦᠯᠬᠦᠮᠳᠡᠯ ᠢ ᠴᠡᠷᠢᠭ ᠤᠨ ᠬᠤᠸᠠᠷᠠᠨ ᠳᠤ | ᠣᠷᠣᠭᠤᠯᠬᠤ︾ ᠭᠤᠣᠯ ᠰᠡᠳᠦᠪᠲᠦ ᠲᠣᠭᠯᠠᠯᠲᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠷᠠᠨ | ᠰᠠᠶᠢᠬᠠᠨ ᠤ ᠲᠣᠭᠯᠠᠯᠲᠠ ᠪᠠᠷ ᠳᠠᠮᠵᠢᠭᠤᠯᠵᠤ᠂ ᠨᠠᠮ ᠤᠨ ᠲᠠᠭᠤᠨ ᠪᠣᠯᠣᠨ ᠬᠠᠯᠠᠮᠵᠢᠯᠠᠯ ᠢ ᠴᠡᠷᠢᠭ ᠠᠩᠭᠢ ᠳᠤ | ᠠᠪᠴᠢᠷᠠᠵᠤ᠂ ᠳᠠᠷᠤᠭ᠎ᠠ ᠪᠠᠶᠢᠯᠳᠤᠭᠴᠢᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ | ᠴᠡᠷᠢᠭ ᠠᠷᠠᠳ ᠤᠨ ᠬᠢᠯᠢ ᠬᠢᠵᠠᠭᠠᠷ ᠢ ᠰᠠᠬᠢᠨ ᠬᠠᠮᠠᠭᠠᠯᠠᠵᠤ ᠰᠡᠷᠭᠡᠶᠢᠯᠡᠯᠲᠡ ᠶᠢ ᠪᠠᠬᠢᠵᠢᠭᠦᠯᠬᠦ ᠬᠦᠰᠡᠯᠡᠩ ᠢᠲᠡᠭᠡᠯ | ᠪᠢᠰᠢᠷᠡᠯ ᠪᠣᠯᠣᠨ ᠤᠶᠤᠨ ᠰᠠᠨᠠᠭᠠᠨ ᠤ ᠵᠣᠷᠢᠭ ᠰᠠᠨᠠᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠴᠡᠷᠢᠭ ᠠᠷᠠᠳ ᠤᠨ | ᠰᠡᠳᠬᠢᠯ ᠨᠢᠭᠡᠳᠦᠨ ᠴᠢᠭᠯᠡᠯ ᠢᠶᠠᠨ ᠬᠠᠮᠲᠤᠳᠬᠠᠵᠤ᠂ ᠡᠷᠴᠢ ᠵᠣᠷᠢᠭ ᠢᠶᠠᠨ ᠬᠥᠪᠴᠢᠯᠡᠨ ᠤᠮᠠᠷᠠᠲᠤ ᠬᠢᠯᠢ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠶᠢ ᠵᠣᠷᠢᠭᠵᠢᠭᠤᠯᠤᠨ᠎ᠠ᠃ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |