ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠬᠥᠩᠭᠡᠵᠢᠯ ᠤᠨ ᠰᠠᠯᠠᠭ᠎ᠠ ᠶᠢᠨ ᠡᠮᠴᠢᠯᠡᠭᠡᠨ  ᠤ ᠦᠢᠯᠡᠴᠢᠯᠡᠭᠡ ᠶᠢᠨ ᠦᠨ᠎ᠡ ᠬᠠᠩᠰᠢ ᠶᠢ ᠵᠢᠷᠤᠮᠵᠢᠭᠤᠯᠪᠠ
ᠨᠡᠶᠢᠲᠡᠯᠡᠭᠰᠡᠨ ᠴᠠᠭ᠄
2024/6/18
     ᠤᠯᠤᠰ ᠤᠨ ᠡᠮ ᠡᠮᠨᠡᠯᠭᠡ ᠶᠢᠨ  ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠡ ᠶᠢ ᠦᠨᠳᠦᠰᠦᠯᠡᠪᠡᠯ᠂ ᠲᠦᠷᠦᠭᠦᠬᠡᠨ ᠳᠠᠷᠤᠮᠠᠯᠯᠠᠨ ᠲᠠᠷᠬᠠᠭᠠᠭᠰᠠᠨ ︽ᠬᠥᠩᠭᠡᠵᠢᠯ ᠤᠨ ᠰᠠᠯᠠᠭ᠎ᠠ ᠶᠢᠨ ᠡᠮᠴᠢᠯᠡᠭᠡᠨ ᠤ ᠦᠢᠯᠡᠴᠢᠯᠡᠭᠡ ᠶᠢᠨ ᠲᠦᠷᠦᠯ ᠵᠦᠢᠯ ᠢ ᠲᠣᠭᠲᠠᠭᠠᠬᠤ ᠵᠦᠭᠯᠡᠭᠦᠷ ︵ᠲᠤᠷᠰᠢᠨ ᠬᠡᠷᠡᠭᠵᠢᠭᠦᠯᠬᠦ︶︾ ᠲᠤ ᠡᠯ᠎ᠡ ᠭᠠᠵᠠᠷ ᠤᠨ ᠤᠤᠯ ᠤᠨ ᠪᠠᠶᠢᠭᠰᠠᠨ ᠬᠥᠩᠭᠡᠵᠢᠯ ᠤᠨ ᠰᠠᠯᠠᠭ᠎ᠠ ᠶᠢᠨ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠲᠥᠷᠥᠯ ᠵᠦᠢᠯ ᠢ 30 ᠵᠦᠢᠯ ᠪᠣᠯᠭᠠᠨ ᠨᠡᠶᠢᠳᠬᠡᠵᠦ᠂ ᠬᠥᠩᠭᠡᠵᠢᠯ ᠤᠨ ᠦᠢᠯᠡᠴᠢᠯᠡᠭᠡᠨ ᠤ ᠳᠡᠭᠡᠭᠰᠢᠯᠡᠯᠲᠡ ᠶᠢ ᠠᠬᠢᠭᠤᠯᠪᠠ᠃      ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠦᠷᠦᠯ ᠵᠦᠢᠯ ᠪᠣᠯ ᠡᠮᠴᠢᠯᠡᠭᠡᠨ ᠤ ᠪᠠᠶᠢᠭᠤᠯᠤᠮᠵᠢ ᠶᠢᠨ ᠮᠡᠰᠡ ᠵᠠᠰᠠᠯ ᠤᠨ ᠵᠠᠷᠤᠳᠠᠯ᠂ ᠡᠮᠴᠢᠯᠡᠭᠡᠨ ᠤ ᠵᠠᠷᠤᠳᠠᠯ᠂ ᠣᠨᠣᠰᠢᠯᠠᠨ ᠡᠮᠨᠡᠬᠦ ᠵᠠᠷᠤᠳᠠᠯ ᠵᠡᠷᠭᠡ ᠡᠮᠴᠢᠯᠡᠭᠡᠨ ᠤ ᠦᠢᠯᠡᠴᠢᠯᠡᠭᠡ ᠶᠢᠨ ᠵᠠᠷᠤᠳᠠᠯ ᠢ ᠪᠤᠳᠤᠬᠤ ᠨᠢᠭᠡᠴᠢ ᠪᠣᠯᠣᠨ᠎ᠠ᠃ ᠥᠩᠭᠡᠷᠡᠭᠰᠡᠨ ᠳᠤ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠥᠷᠥᠯ ᠵᠦᠢᠯ ᠢ ᠡᠯ᠎ᠡ ᠮᠤᠵᠢ ᠣᠷᠣᠨ ᠠᠴᠠ ᠲᠣᠭᠲᠠᠭᠠᠵᠤ᠂ ᠲᠤᠭ᠎ᠠ ᠬᠡᠮᠵᠢᠶ᠎ᠡ᠂ ᠨᠡᠷᠡᠶᠢᠳᠦᠯ᠂ ᠲᠥᠷᠥᠯ ᠵᠦᠢᠯ ᠤᠨ ᠠᠭᠤᠯᠤᠭᠳᠠᠬᠤᠨ᠂ ᠦᠨ᠎ᠡ ᠪᠤᠳᠤᠬᠤ ᠨᠢᠭᠡᠴᠢ ᠵᠢᠴᠢ ᠮᠠᠲ᠋ᠧᠷᠢᠶᠠᠯ ᠤᠨ ᠰᠦᠢᠳᠬᠡᠯ ᠵᠡᠷᠭᠡ ᠲᠠᠯ᠎ᠠ ᠪᠠᠷ ᠨᠡᠯᠢᠶᠡᠳ ᠶᠡᠭᠡ ᠵᠥᠷᠢᠶ᠎ᠡ ᠲᠠᠢ ᠪᠠᠶᠢᠪᠠ᠃      ᠤᠯᠤᠰ ᠤᠨ ᠡᠮ ᠡᠮᠨᠡᠯᠭᠡ ᠶᠢᠨ  ᠪᠠᠲᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠲᠣᠰ ᠤᠳᠠᠭᠠᠨ ᠤ ᠬᠥᠩᠭᠡᠵᠢᠯ ᠤᠨ ᠰᠠᠯᠠᠭᠠᠨ ᠤ ᠲᠥᠷᠥᠯ ᠵᠦᠢᠯ ᠢ ᠲᠣᠭᠲᠠᠭᠠᠬᠤ ᠵᠦᠭᠯᠡᠭᠦᠷ ᠢ ᠵᠠᠷᠴᠢᠮ ᠳᠡᠭᠡᠷ᠎ᠡ ᠪᠠᠨ ᠵᠢᠷᠮᠦᠰᠦᠯᠡᠵᠦ ᠬᠥᠩᠭᠡᠵᠢᠬᠦ ᠶᠠᠪᠤᠴᠠ ᠶᠢᠨ ᠶᠣᠰᠣᠭᠠᠷ ᠬᠡᠰᠡᠭ ᠬᠤᠪᠢᠶᠠᠨ ᠲᠣᠭᠲᠠᠭᠠᠪᠠ᠂ ᠲᠤᠬᠠᠶᠢᠯᠠᠪᠠᠯ ᠵᠢᠷᠮᠦᠰᠦᠯᠡᠬᠦ ᠬᠤᠭᠤᠴᠠᠭ᠎ᠠ᠂ ᠬᠥᠩᠭᠡᠵᠢᠬᠦ ᠠᠴᠠ ᠡᠮᠦᠨᠡᠬᠢ ᠬᠤᠭᠤᠴᠠᠭ᠎ᠠ᠂ ᠬᠥᠩᠭᠡᠵᠢᠬᠦ᠂ ᠬᠥᠩᠭᠡᠵᠢᠭᠰᠡᠨ ᠤ ᠳᠠᠷᠠᠭᠠᠬᠢ ᠬᠤᠭᠤᠴᠠᠭ᠎ᠠ ᠵᠡᠷᠭᠡ ᠡᠯ᠎ᠡ ᠭᠤᠭᠴᠤᠭ᠎ᠠ ᠶᠢᠨ ᠪᠣᠳᠠᠲᠠᠢ ᠪᠠᠶᠢᠴᠠᠭᠠᠯᠲᠠ ᠶᠢᠨ ᠡᠮᠴᠢᠯᠡᠭᠡ ᠪᠤᠶᠤ ᠠᠵᠢᠯᠯᠠᠭ᠎ᠠ ᠶᠢ ᠦᠨᠳᠦᠰᠦᠯᠡᠨ ᠲᠣᠰ ᠲᠣᠰ ᠲᠥᠷᠥᠯ ᠵᠦᠢᠯ ᠢ ᠲᠣᠭᠲᠠᠭᠠᠵᠤ᠂ ᠪᠣᠳᠠᠲᠠᠢ ᠮᠡᠷᠭᠡᠵᠢᠯ ᠤᠨ ᠨᠠᠷᠢᠨ ᠵᠦᠢᠯᠡᠰ ᠲᠠᠢ ᠬᠤᠯᠪᠣᠭᠳᠠᠭᠤᠯᠬᠤ ᠦᠭᠡᠢ᠃ ᠵᠢᠱᠢᠶᠡᠯᠡᠪᠡᠯ᠂ ᠦᠨ᠎ᠡ ᠬᠠᠩᠰᠢ ᠶᠢᠨ ᠲᠥᠷᠥᠯ ᠵᠦᠢᠯ ᠢ ᠬᠥᠩᠭᠡᠵᠢᠬᠦ ᠠᠴᠠ ᠡᠮᠦᠨᠡᠬᠢ ᠬᠤᠭᠤᠴᠠᠭᠠᠨ ᠳᠤ ︽ᠬᠥᠩᠭᠡᠵᠢᠬᠦ ᠠᠴᠠ ᠡᠮᠦᠨᠡᠬᠢ ᠡᠩ ᠤᠨ ᠪᠠᠶᠢᠴᠠᠭᠠᠯᠲᠠ︾᠂ ︽ᠭᠡᠤᠭᠡᠢ ᠶᠢᠨ ᠵᠢᠷᠦᠬᠡᠨ ᠯᠤᠭᠰᠢᠯᠲᠠ  ᠶᠢᠨ ᠬᠢᠨᠠᠨ ᠬᠡᠮᠵᠢᠯᠲᠡ︾᠂ ᠬᠥᠩᠭᠡᠵᠢᠬᠦ ᠦᠶ᠎ᠡ ᠶᠢᠨ ︽ᠬᠥᠩᠭᠡᠵᠢᠯ ᠢ ᠦᠳᠦᠭᠦ︾᠂ ︽ᠬᠥᠩᠭᠡᠵᠢᠬᠦ ᠶᠠᠪᠤᠴᠠ ᠶᠢᠨ ᠬᠠᠮᠢᠶᠠᠷᠤᠯᠲᠠ︾᠂ ᠬᠥᠩᠭᠡᠵᠢᠬᠦ ᠱᠠᠲᠤᠨ ᠤ ︽ᠤᠮᠠᠢ ᠪᠠᠷ ᠬᠥᠩᠭᠡᠵᠢᠬᠦ ︵ᠵᠤᠷᠰᠢᠯ︶︾᠂ ︽ᠤᠮᠠᠢ ᠪᠠᠷ ᠬᠥᠩᠭᠡᠵᠢᠬᠦ ︵ᠪᠤᠳᠤᠯᠢᠶᠠᠨᠲᠠᠢ︶︾᠂ ︽ᠬᠠᠭᠠᠯᠵᠤ ᠬᠥᠩᠭᠡᠵᠢᠬᠦ ︵ᠵᠤᠷᠰᠢᠯ︶︾᠂ ︽ᠬᠠᠭᠠᠯᠵᠤ ᠬᠥᠩᠭᠡᠵᠢᠬᠦ ︵ᠪᠤᠳᠤᠯᠢᠶᠠᠨᠲᠠᠢ︶︾ ᠵᠡᠷᠭᠡ ᠲᠦᠷᠦᠯ ᠳᠤ ᠬᠤᠪᠢᠶᠠᠪᠠ ᠭᠡᠵᠦ ᠲᠠᠨᠢᠯᠴᠠᠭᠤᠯᠵᠠᠢ᠃      ᠲᠣᠰ ᠤᠳᠠᠭ᠎ᠠ ᠶᠢᠨ ᠬᠥᠩᠭᠡᠵᠢᠯ ᠤᠨ ᠰᠠᠯᠠᠭ᠎ᠠ ᠶᠢᠨ ᠲᠥᠷᠥᠯ ᠵᠦᠢᠯ ᠢ ᠲᠣᠭᠲᠠᠭᠠᠬᠤ ᠵᠦᠭᠯᠡᠭᠦᠷ ᠲᠤ ︽ᠬᠥᠭᠵᠢᠮ ᠢᠶᠠᠷ ᠬᠥᠩᠭᠡᠵᠢᠭᠦᠯᠬᠦ︾᠂ ︽ᠬᠥᠩᠭᠡᠵᠢᠯ ᠳᠤ ᠬᠠᠨᠢ ᠪᠤᠯᠬᠤ︾ ᠵᠡᠷᠭᠡ ᠲᠥᠷᠥᠯ ᠵᠦᠢᠯ ᠢ ᠪᠠᠶᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠬᠥᠩᠭᠡᠵᠢᠭᠦᠯᠬᠦ ᠪᠠᠷ ᠭᠤᠣᠯ ᠪᠤᠯᠭᠠᠬᠰᠠᠨ ᠬᠥᠮᠦᠯᠢᠭ ᠦᠢᠯᠡᠴᠢᠯᠡᠭᠡ ᠬᠠᠩᠭᠠᠬᠤ ᠶᠢ ᠳᠡᠮᠵᠢᠵᠦ᠂ ᠡᠪᠡᠳᠬᠦ ᠶᠢ ᠵᠣᠭᠰᠤᠭᠠᠬᠤ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠵᠤ᠂ ᠨᠥᠬᠦᠴᠡᠯ ᠲᠠᠢ ᠡᠮᠴᠢᠯᠡᠭᠡᠨ ᠤ ᠪᠠᠶᠢᠭᠤᠯᠤᠮᠵᠢ ᠶᠢᠨ ᠵᠢᠷᠮᠦᠰᠦᠨ ᠪᠠ ᠬᠥᠩᠭᠡᠵᠢᠭᠰᠡᠨ ᠡᠮᠡᠭᠲᠡᠶᠢᠴᠦᠳ ᠲᠤ ᠲᠤᠰᠬᠠᠶᠢᠵᠢᠭᠰᠠᠨ ᠬᠠᠨᠢ ᠪᠣᠯᠵᠤ ᠬᠥᠩᠭᠡᠵᠢᠭᠦᠯᠬᠦ ᠪᠠ ᠬᠥᠭᠵᠢᠮ ᠢᠶᠠᠷ ᠬᠥᠩᠭᠡᠵᠢᠭᠦᠯᠬᠦ ᠦᠢᠯᠡᠴᠢᠯᠡᠭᠡ ᠬᠠᠩᠭᠠᠬᠤ ᠶᠢ ᠳᠡᠮᠵᠢᠨ᠎ᠡ ᠭᠡᠵᠦ ᠲᠣᠳᠣᠷᠬᠠᠶᠢᠯᠠᠪᠠ᠃      ᠣᠶᠢᠷ᠎ᠠ ᠶᠢᠨ ᠵᠢᠯ ᠳᠤ᠂ ᠤᠯᠤᠰ ᠤᠨ ᠡᠮ ᠡᠮᠨᠡᠯᠭᠡ ᠶᠢᠨ  ᠪᠠᠲᠤᠯᠠᠭ᠎ᠠ ᠶᠢᠨ ᠲᠣᠪᠴᠢᠶ᠎ᠠ ᠨᠢᠭᠡᠨᠲᠡ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠦᠭᠦ ᠲᠠᠯ᠎ᠠ ᠪᠠᠷ ᠪᠠᠶᠢᠭᠤᠯᠵᠤ᠂ ᠥᠰᠦᠯᠲᠡ ᠪᠠᠭᠤᠷᠠᠯᠲᠠ ᠲᠠᠢ ᠪᠠᠶᠢᠵᠤ᠂ ᠡᠭᠦᠨ ᠳᠤ ᠪᠠᠶᠢᠴᠠᠭᠠᠨ ᠰᠢᠯᠭᠠᠬᠤ  ᠲᠥᠷᠥᠯ ᠵᠦᠢᠯ ᠤᠨ ᠦᠨ᠎ᠡ ᠬᠠᠩᠰᠢ ᠦᠷᠭᠦᠯᠵᠢᠯᠡᠨ ᠪᠠᠭᠤᠷᠠᠪᠠ᠃      ᠲᠣᠰ ᠬᠠᠷᠢᠭᠤᠴᠠᠯᠭᠠᠲᠠᠨ᠂ ᠲᠠᠷᠠᠭᠠᠴᠢ ᠶᠢᠨ ᠠᠯᠬᠤᠮ ᠳᠤ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠥᠷᠥᠯ ᠵᠦᠢᠯ ᠢ ᠲᠣᠭᠲᠠᠭᠠᠬᠤ ᠵᠦᠭᠯᠡᠭᠦᠷ ᠢ ᠳᠠᠷᠤᠮᠠᠯᠯᠠᠨ ᠲᠠᠷᠬᠠᠭᠠᠬᠤ ᠠᠬᠢᠴᠠ ᠶᠢ ᠲᠦᠷᠭᠡᠳᠬᠡᠨ᠂ ᠰᠤᠪᠢᠯᠠᠯᠲᠠ ᠶᠢᠨ ᠰᠠᠯᠠᠭ᠎ᠠ ᠵᠡᠷᠭᠡ ᠶᠢᠨ ᠲᠦᠷᠦᠯ ᠵᠦᠢᠯ ᠢ ᠲᠣᠭᠲᠠᠭᠠᠬᠤ ᠵᠦᠭᠯᠡᠭᠦᠷ ᠢ ᠵᠠᠯᠭᠠᠭ᠎ᠠ ᠪᠠᠷ ᠨᠡᠶᠢᠲᠡᠯᠡᠵᠦ᠂ ᠣᠯᠠᠩᠬᠢ ᠰᠠᠯᠠᠭ᠎ᠠ ᠶᠢ ᠬᠠᠮᠤᠷᠤᠭᠰᠠᠨ ᠲᠦᠷᠦᠯ ᠵᠦᠢᠯ ᠢ ᠲᠣᠭᠲᠠᠭᠠᠬᠤ ᠵᠦᠭᠯᠡᠭᠦᠷ ᠢ ᠲᠦᠷᠭᠡᠨ ᠪᠤᠶ ᠪᠣᠯᠭᠠᠨ᠎ᠠ ᠭᠡᠵᠦ ᠢᠯᠡᠳᠬᠡᠵᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号