ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2024 ᠣᠨ ᠤ 11 ᠳ᠋ᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/19
     6 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 11 ᠳ᠋ᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠲᠠᠪᠤᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠥᠪᠯᠡᠯ ᠤᠨ ᠲᠠᠪᠤᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠪᠣᠯᠣᠨ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢ ᠨᠥᠬᠦᠪᠦᠷᠢᠯᠡᠬᠦ ᠲᠣᠭᠲᠠᠴᠠ ᠶᠢ ᠪᠦᠷᠢᠨᠰᠢᠭᠦᠯᠬᠦ᠂ ᠪᠦᠬᠦ ᠪᠥᠮᠪᠥᠷᠴᠡᠭ ᠤᠨ ᠥᠷᠢᠰᠦᠯᠳᠦᠬᠦ ᠬᠦᠴᠦᠨ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠡᠭᠡᠭᠡᠯᠲᠡᠲᠤ ᠣᠷᠴᠢᠨ ᠲᠣᠭᠤᠷᠢᠨ ᠢ ᠪᠠᠶᠢᠭᠤᠯᠬᠤ ᠵᠡᠷᠭᠡ ᠶᠢᠨ ᠲᠣᠭᠤᠷᠢᠨ ᠳᠤ ᠴᠢᠬᠤᠯᠠ ᠪᠠᠶᠢᠷᠢᠯᠠᠭᠤᠯᠤᠯᠲᠠ ᠬᠢᠵᠦ᠂ ᠲᠣᠳᠣᠷᠬᠠᠢ ᠱᠠᠭᠠᠷᠳᠠᠯᠭ᠎ᠠ ᠳᠤᠷᠠᠳᠴᠤ᠂ ᠪᠢᠳᠡᠨ ᠤ ᠬᠤᠯᠪᠣᠭᠳᠠᠯ ᠪᠦᠬᠦᠢ ᠬᠦᠷᠢᠶᠡᠨ ᠤ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠬᠦ ᠳᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠪᠠ ᠦᠨᠳᠦᠰᠦᠨ ᠵᠢᠷᠤᠮᠯᠠᠯ ᠬᠠᠩᠭᠠᠵᠠᠢ᠃ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠨᠠᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠨᠡᠪᠲᠡᠷᠡᠲᠡᠯ᠎ᠡ ᠣᠶᠢᠯᠠᠭᠠᠵᠤ᠂ ᠴᠠᠭ ᠲᠤᠬᠠᠢ ᠳᠤᠨᠢ ᠳᠠᠭᠠᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠢᠮᠠᠭᠲᠠ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ ᠴᠢᠬᠤᠯᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠠᠵᠢᠯ ᠢᠶᠠᠨ ᠤᠯᠠᠮ ᠴᠢᠨᠠᠭᠰᠢᠳᠠ ᠬᠦᠴᠦᠷᠬᠡᠭᠵᠢᠭᠦᠯᠬᠦ ᠶᠢ ᠠᠬᠢᠭᠤᠯᠵᠤ᠂ ᠡᠵᠡᠩᠨᠡᠯᠲᠡ ᠶᠢᠨ ᠦᠷ᠎ᠡ ᠠᠰᠢᠭ ᠢᠶᠠᠨ ᠳᠡᠭᠡᠭᠰᠢᠯᠡᠭᠦᠯᠵᠦ᠂ ᠥᠪᠡᠷ ᠪᠡᠶ᠎ᠡ ᠶᠢᠨ ᠴᠢᠰᠤ ᠪᠦᠲᠦᠭᠡᠬᠦ ᠴᠢᠳᠠᠪᠬᠢ ᠪᠠᠨ ᠦᠷᠭᠦᠯᠵᠢᠯᠡᠨ ᠴᠢᠩᠭᠠᠳᠬᠠᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠥᠮᠴᠢᠯᠡᠯ ᠤᠨ ᠡᠷᠬᠡ ᠲᠣᠳᠣᠷᠬᠠᠢ᠂ ᠡᠷᠬᠡ ᠬᠠᠷᠢᠭᠤᠴᠠᠯᠭ᠎ᠠ ᠲᠣᠳᠣᠷᠬᠠᠢ᠂ ᠬᠠᠮᠢᠶᠠᠷᠤᠯᠲᠠ ᠰᠢᠨᠵᠢᠯᠡᠬᠦ ᠤᠬᠠᠭᠠᠨᠴᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠵᠤ᠂ ᠰᠢᠶᠠᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠺᠣᠮᠫᠠᠨᠢ ᠶᠢᠨ ᠵᠠᠰᠠᠯᠲᠠ ᠶᠢᠨ ᠰᠢᠨᠵᠢᠯᠡᠬᠦ ᠤᠬᠠᠭᠠᠨᠴᠢᠯᠠᠯᠲᠠ᠂ ᠡᠵᠡᠩᠨᠡᠯᠲᠡ ᠶᠢᠨ ᠲᠣᠭᠲᠠᠴᠠ ᠶᠢ ᠵᠠᠬ᠎ᠠ ᠳᠡᠯᠭᠡᠭᠦᠷᠴᠢᠯᠡᠬᠦ ᠪᠠ ᠳᠣᠲᠣᠭᠠᠳᠤ ᠶᠢᠨ ᠬᠠᠮᠢᠶᠠᠷᠤᠯᠲᠠ ᠶᠢᠨ ᠨᠢᠭᠲᠠ ᠠᠴᠠ ᠨᠢᠭᠲᠠ ᠪᠠᠶᠢᠬᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠠᠮᠤ ᠪᠤᠳᠠᠭᠠᠨ ᠤ ᠬᠠᠩᠭᠠᠯᠭ᠎ᠠ ᠶᠢ ᠪᠠᠲᠤᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠠᠷᠢᠶᠠᠨ ᠭᠠᠵᠠᠷ ᠢ ᠬᠠᠮᠠᠭᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ ᠪᠠᠶᠢᠭᠠᠳ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠲᠠᠷᠢᠶᠠᠴᠢᠳ ᠤᠨ ᠲᠠᠷᠢᠮᠠᠯ ᠤᠨ ᠦᠨ᠎ᠡ ᠬᠠᠩᠰᠢ᠂ ᠨᠥᠬᠦᠪᠦᠷᠢ᠂ ᠳᠠᠭᠠᠳᠬᠠᠯ ᠵᠡᠷᠭᠡ ᠰᠢᠰᠲ᠋ᠧᠮ ᠢ ᠴᠢᠩᠭᠠᠳᠬᠠᠵᠤ᠂ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠲᠦᠷᠦᠯ ᠤᠨ ᠨᠥᠬᠦᠪᠦᠷᠢ ᠪᠡᠯᠡ ᠮᠥᠩᠭᠦ ᠶᠢ ᠲᠣᠳᠣᠷᠬᠠᠢ ᠶᠠᠷᠢᠵᠤ ᠰᠠᠶᠢᠲᠤᠷ ᠨᠠᠶᠢᠳᠠᠪᠤᠷᠢᠵᠢᠭᠤᠯᠵᠤ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠲᠠᠶᠢᠴᠢᠯᠠᠨ ᠰᠠᠶᠢᠲᠤᠷ ᠬᠠᠮᠠᠭᠠᠯᠠᠵᠤ᠂ ᠠᠮᠤ ᠪᠤᠳᠠᠭ᠎ᠠ ᠲᠠᠷᠢᠬᠤ ᠲᠠᠯᠠᠪᠠᠢ ᠪᠣᠯᠣᠨ ᠠᠮᠤ ᠪᠤᠳᠠᠭᠠᠨ ᠤ ᠤᠨᠠᠯᠲᠠ ᠶᠢᠨ ᠬᠠᠷᠠᠯᠲᠠ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠲᠡᠢ᠃  ︵ᠰᠣᠷᠪᠤᠯᠵᠢᠯᠠᠬᠴᠢ ᠯᠢᠦᠢ ᠫᠢᠩ ᠫᠢᠩ  ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号