ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠵᠢᠷᠭᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/19
     6 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠬᠠᠳᠠ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 6 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃       ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠤᠨ ᠬᠡᠰᠡᠭ ᠠᠭᠤᠯᠭ᠎ᠠ ᠶᠢ ᠳᠠᠭᠠᠭᠤᠯᠤᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠬᠥᠲᠥᠯᠥᠨ ᠵᠢᠯᠤᠭᠤᠳᠴᠤ᠂ ᠪᠢᠰᠢᠷᠡᠨ ᠵᠢᠷᠦᠬᠡᠰᠢᠶᠡᠬᠦ ᠶᠢ ᠮᠡᠳᠡᠷᠡᠭᠦᠯᠵᠦ᠂ ᠰᠡᠷᠡᠮᠵᠢᠯᠡᠨ ᠡᠮᠢᠶᠡᠵᠦ᠂ ᠬᠤᠷᠢᠭ᠎ᠠ ᠱᠤᠭᠤᠮ ᠢ ᠰᠠᠬᠢᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠵᠦ᠂ ᠦᠵᠡᠯ ᠰᠠᠨᠠᠭ᠎ᠠ ᠨᠢᠭᠡᠳᠦᠯᠲᠡᠢ᠂ ᠦᠢᠯᠡ ᠠᠵᠢᠯᠯᠠᠭ᠎ᠠ ᠨᠢᠭᠡᠲᠡᠢ᠂ ᠠᠯᠬᠤᠭ᠎ᠠ ᠨᠢᠭᠡᠳᠦᠯᠲᠡᠢ ᠪᠠᠶᠢᠬᠤ ᠶᠢ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠡᠯ᠎ᠡ ᠵᠦᠢᠯ ᠤᠨ ᠰᠠᠬᠢᠯᠭ᠎ᠠ ᠪᠠᠲᠤ ᠶᠣᠰᠣ ᠳᠦᠷᠢᠮ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ︽ᠳᠦᠷᠢᠮ︾ ᠢ ᠯᠠᠪᠳᠠᠭᠤᠨ ᠪᠠᠲᠤᠲᠠᠢ᠂ ᠨᠠᠷᠢᠨ ᠬᠢᠨᠠᠮᠠᠭᠠᠢ ᠰᠤᠷᠤᠯᠴᠠᠵᠤ᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠭᠤᠣᠯ ᠵᠣᠷᠢᠯᠲᠠ ᠴᠢᠬᠤᠯᠠ ᠠᠭᠤᠯᠭ᠎ᠠ ᠪᠣᠯᠣᠨ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠵᠦ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠶᠢ ᠦᠨᠡᠨᠬᠦ ᠵᠠᠯᠠᠷᠠᠭᠤᠯᠬᠤ ᠬᠡᠷᠡᠭᠲᠡᠢ᠃ ᠤᠯᠤᠰ ᠲᠦᠷᠦ ᠶᠢᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ︽ᠬᠤᠶᠠᠷ ᠢ ᠬᠠᠮᠠᠭᠠᠯᠠᠬᠤ︾ ᠶᠢ ᠬᠠᠮᠤᠭ ᠤᠨ ᠳᠡᠭᠡᠳᠦ ᠤᠯᠤᠰ ᠲᠦᠷᠦ ᠶᠢᠨ ᠵᠠᠷᠴᠢᠮ ᠪᠠ ᠦᠨᠳᠦᠰᠦᠨ ᠤᠯᠤᠰ ᠲᠦᠷᠦ ᠶᠢᠨ ᠶᠣᠰᠣ ᠳᠦᠷᠢᠮ ᠪᠣᠯᠭᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠶᠢᠨ ᠪᠣᠳᠠᠲᠤ ᠦᠷ᠎ᠡ ᠪᠦᠲᠦᠮᠵᠢ ᠳᠡᠭᠡᠷ᠎ᠡ ᠢᠯᠡᠷᠡᠭᠦᠯᠵᠦ᠂ ᠡᠳᠦᠷ ᠲᠤᠳᠤᠮ ᠤᠨ ᠦᠭᠡ ᠶᠠᠷᠢᠶ᠎ᠠ ᠦᠢᠯᠡ ᠠᠵᠢᠯᠯᠠᠭ᠎ᠠ ᠳᠡᠭᠡᠷ᠎ᠡ ᠢᠯᠡᠷᠡᠭᠦᠯᠵᠦ᠂ ᠢᠮᠠᠭᠲᠠ ᠤᠯᠤᠰ ᠲᠦᠷᠦ ᠶᠢᠨ ᠲᠠᠯ᠎ᠠ ᠪᠠᠷ  ᠬᠢ ᠮᠡᠷᠭᠡᠨ ᠬᠥᠮᠥᠨ᠂ ᠦᠨᠡᠨᠴᠢ ᠰᠢᠳᠤᠷᠭᠤ ᠬᠥᠮᠥᠨ ᠪᠣᠯᠬᠤ ᠬᠡᠷᠡᠭᠲᠡᠢ᠃ ᠢᠮᠠᠭᠲᠠ ᠲᠥᠪ ᠭᠤᠣᠯᠴᠢ ᠪᠠᠷ ᠡᠷᠬᠡ ᠪᠠᠨ ᠬᠡᠷᠡᠭᠯᠡᠵᠦ᠂ ᠬᠠᠤᠯᠢ ᠶᠣᠰᠣᠭᠠᠷ ᠡᠷᠬᠡ ᠪᠠᠨ ᠬᠡᠷᠡᠭᠯᠡᠵᠦ᠂ ᠠᠷᠠᠳ ᠤᠨ ᠲᠥᠯᠥᠭᠡ ᠬᠡᠷᠡᠭᠯᠡᠵᠦ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠵᠦ᠂ ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ ᠦᠢᠯᠡ ᠠᠵᠢᠯᠯᠠᠭ᠎ᠠ ᠶᠢ ᠡᠷᠡᠰ ᠠᠷᠢᠯᠭᠠᠵᠤ᠂ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠶᠡᠯᠳᠡᠭ ᠴᠠᠭᠠᠪᠤᠷ ᠯᠠᠪᠳᠠᠭᠤᠨ ᠲᠣᠭᠲᠠᠭᠤᠨ ᠢᠶᠠᠷ ᠠᠵᠢᠯ ᠬᠢᠵᠦ ᠦᠢᠯᠡᠰ ᠴᠣᠭᠴᠠᠯᠠᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠵᠢᠱᠢᠶ᠎ᠡ ᠦᠵᠡᠭᠦᠯᠵᠦ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠣᠯᠣᠨ ᠤᠳᠤᠷᠢᠳᠬᠤ ᠬᠠᠷᠢᠭᠤᠴᠠᠯᠭ᠎ᠠ ᠪᠠᠨ ᠡᠭᠦᠷᠭᠡᠯᠡᠵᠦ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠭᠠᠬᠤ᠂ ᠰᠠᠬᠢᠯᠭ᠎ᠠ ᠪᠠᠲᠤ ᠶᠢ ᠰᠠᠬᠢᠬᠤ ᠰᠠᠶᠢᠨ ᠦᠯᠢᠭᠡᠷ ᠳᠠᠭᠤᠷᠢᠶᠠᠯ ᠪᠣᠯᠵᠤ᠂ ᠵᠢᠱᠢᠶᠡᠴᠢ ᠠᠵᠢᠯᠯᠠᠭ᠎ᠠ ᠪᠠᠷ ᠢᠶᠠᠨ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷᠴᠤᠳ ᠤᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠠᠵᠢᠯ ᠬᠢᠵᠦ ᠦᠢᠯᠡᠰ ᠪᠣᠰᠬᠠᠬᠤ ᠶᠢ ᠬᠥᠲᠥᠯᠥᠨ ᠳᠠᠭᠠᠭᠤᠯᠬᠤ ᠬᠡᠷᠡᠭᠲᠡᠢ᠃ ᠲᠦᠷᠦᠭᠦᠯᠡᠨ ᠦᠨᠡᠨᠬᠦ ᠭᠦᠨᠵᠡᠭᠡᠢ ᠰᠤᠷᠤᠯᠴᠠᠵᠤ᠂ ᠲᠦᠷᠦᠭᠦᠯᠡᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠲᠦᠷᠦᠭᠦᠯᠡᠨ ᠬᠠᠷᠢᠴᠠᠭᠤᠯᠤᠨ ᠪᠠᠶᠢᠴᠠᠭᠠᠵᠤ᠂ ᠲᠦᠷᠦᠭᠦᠯᠡᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠪᠠᠷ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠠᠵᠢᠯ ᠤᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ︵ᠰᠣᠷᠪᠤᠯᠵᠢᠯᠠᠬᠴᠢ ᠯᠢᠦᠢ ᠫᠢᠩ ᠫᠢᠩ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号