ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠶᠢ ᠲᠠᠨᠢᠯᠴᠠᠭᠤᠯᠵᠤ ᠰᠢᠯᠭᠠᠷᠠᠭᠤᠯᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/6/19
     ᠣᠶᠢᠷ᠎ᠠ ᠶᠢᠨ ᠡᠳᠦᠷ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶ᠎ᠠ  ᠶᠢᠨ ᠠᠯᠪᠠᠨ ᠲᠢᠩᠬᠢᠮ ᠠᠴᠠ ︽ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶᠡᠴᠢ ᠶᠢ ᠲᠠᠨᠢᠯᠴᠠᠭᠤᠯᠵᠤ ᠰᠢᠯᠭᠠᠷᠠᠭᠤᠯᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠳᠥᠭᠦᠮᠴᠢᠯᠡᠨ᠎ᠡ︶ ᠳᠠᠷᠤᠮᠠᠯᠯᠠᠨ ᠲᠠᠷᠬᠠᠭᠠᠪᠠ᠃ ︽ᠮᠡᠳᠡᠭᠳᠡᠯ︾ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠡᠨᠡ ᠵᠢᠯ ᠠᠩᠬ᠎ᠠ ᠤᠳᠠᠭ᠎ᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠡᠷ᠎ᠡ ᠪᠠᠷ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠶᠢ ᠬᠥᠬᠢᠭᠦᠯᠦᠨ ᠰᠠᠶᠢᠰᠢᠶᠠᠬᠤ ᠪᠠᠷ ᠲᠣᠭᠲᠠᠵᠠᠢ ᠭᠡᠵᠦ ᠵᠢᠭᠠᠵᠤ ᠭᠠᠷᠭᠠᠪᠠ᠃      ︽ᠮᠡᠳᠡᠭᠳᠡᠯ︾ ᠳᠤ ᠲᠠᠨᠢᠯᠴᠠᠭᠤᠯᠵᠤ ᠰᠢᠯᠭᠠᠷᠠᠭᠤᠯᠬᠤ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠲᠣᠳᠣᠷᠬᠠᠶᠢᠯᠠᠪᠠ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠪᠠᠷᠢᠮᠵᠢᠶ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠤᠨ ᠱᠠᠭᠠᠷᠳᠠᠯᠭ᠎ᠠ ᠶᠢ ᠲᠤᠪᠤᠶᠢᠯᠭᠠᠵᠤ᠂ ᠪᠣᠳᠠᠲᠤ ᠪᠦᠲᠦᠮᠵᠢ ᠪᠠᠷ ᠤᠳᠤᠷᠢᠳᠤᠮᠵᠢ ᠪᠤᠯᠭᠠᠬᠤ ᠶᠢ ᠲᠤᠪᠤᠶᠢᠯᠭᠠᠵᠤ᠂ 2019 ᠣᠨ ᠤ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠶᠢ ᠬᠥᠬᠢᠭᠦᠯᠦᠨ ᠰᠠᠶᠢᠰᠢᠶᠠᠭᠰᠠᠨ ᠠᠴᠠ ᠨᠠᠭᠠᠰᠢᠬᠢ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠣᠯᠣᠭᠰᠠᠨ ᠠᠮᠵᠢᠯᠲᠠ ᠪᠠ ᠲᠤᠷᠰᠢᠯᠭ᠎ᠠ ᠶᠢ ᠨᠠᠷᠢᠨ ᠬᠢᠨᠠᠮᠠᠭᠠᠢ ᠳ᠋ᠦᠩᠨᠡᠵᠦ᠂ ᠡᠯ᠎ᠡ ᠭᠠᠵᠠᠷ ᠡᠯ᠎ᠡ ᠠᠵᠢᠯ ᠲᠦᠷᠦᠯ ᠳᠤ ᠴᠣᠯᠭᠤᠷᠠᠨ ᠭᠠᠷᠤᠭᠰᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠶᠢ ᠰᠢᠯᠭᠠᠷᠠᠭᠤᠯᠤᠨ ᠬᠥᠬᠢᠭᠦᠯᠦᠨ ᠰᠠᠶᠢᠰᠢᠶᠠᠵᠤ᠂ ᠲᠡᠷᠢᠭᠦᠨ ᠤ ᠦᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠳᠠᠭᠠᠭᠤᠯᠵᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠳᠡᠭᠡᠳᠦ ᠬᠡᠮᠵᠢᠶᠡᠨ ᠤ ᠬᠠᠮᠲᠤ ᠶᠢᠨ ᠲᠠᠨᠢᠯᠲᠠ ᠶᠢ ᠪᠠᠲᠤᠳᠬᠠᠵᠤ᠂ ᠰᠢᠨ᠎ᠡ ᠠᠶᠠᠨ ᠳᠠᠭᠠᠨ ᠪᠦᠯᠬᠦᠮᠳᠡᠨ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠢᠳᠡᠪᠬᠢᠲᠡᠢ ᠭᠠᠪᠢᠶ᠎ᠠ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠪᠡ᠃      ᠮᠡᠳᠡᠭᠳᠡᠯ ᠳᠤ ᠲᠠᠨᠢᠯᠴᠠᠭᠤᠯᠬᠤ ᠰᠢᠯᠭᠠᠷᠠᠭᠤᠯᠬᠤ ᠬᠡᠪᠴᠢᠶ᠎ᠡ ᠪᠠ ᠨᠥᠬᠦᠴᠡᠯ ᠢ ᠲᠣᠳᠣᠷᠬᠠᠶᠢᠯᠠᠪᠠ᠃ 2019 ᠣᠨ ᠠᠴᠠ ᠨᠠᠭᠠᠰᠢ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠵᠢᠱᠢᠶᠡᠴᠢ ᠬᠠᠮᠲᠤ ᠪᠠ ᠵᠢᠱᠢᠶᠡᠴᠢ ᠬᠤᠪᠢ ᠬᠥᠮᠥᠨ ᠢ ᠪᠦᠷ ᠲᠠᠨᠢᠯᠴᠠᠭᠤᠯᠵᠤ ᠪᠣᠯᠣᠨ᠎ᠠ᠂ ᠨᠥᠬᠦᠴᠡᠯ ᠳᠤ ᠨᠡᠶᠢᠴᠡᠬᠦ ᠨᠢᠭᠡᠨᠲᠡ ᠨᠠᠰᠤ ᠪᠠᠷᠠᠭᠰᠠᠨ ᠬᠥᠮᠥᠰ ᠲᠤ ᠢᠷᠠᠭᠤ ᠠᠯᠳᠠᠷ ᠨᠡᠬᠡᠮᠵᠢᠯᠡᠨ ᠣᠯᠭᠤᠵᠤ ᠪᠣᠯᠣᠨ᠎ᠠ᠃ ᠲᠠᠨᠢᠯᠴᠠᠭᠤᠯᠬᠤ ᠡᠲᠡᠭᠡᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠬᠤ ᠳᠤᠮᠳᠠ ᠢᠯᠡᠳᠲᠡ ᠠᠮᠵᠢᠯᠲᠠ ᠣᠯᠣᠭᠰᠠᠨ ᠪᠠᠶᠢᠪᠠᠯ ᠵᠣᠬᠢᠨ᠎ᠠ᠃ ᠪᠣᠳᠠᠲᠠᠢ ᠪᠠᠷ ᠬᠡᠯᠡᠪᠡᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠨᠤᠯ ᠤᠨ ᠰᠤᠳᠤᠯᠭᠠᠨ ᠪᠠ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ᠂ ᠦᠨᠳᠦᠰᠦᠲᠡᠨ ᠤ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ᠂ ᠡᠬᠡ ᠤᠯᠤᠰ ᠤᠨ ᠨᠢᠭᠡᠳᠦᠯ ᠢ ᠬᠠᠮᠠᠭᠠᠯᠠᠬᠤ ᠪᠠ ᠬᠠᠭᠠᠴᠠᠭᠤᠯᠬᠤ ᠶᠢ ᠡᠰᠡᠷᠭᠦᠴᠡᠬᠦ᠂ ᠠᠵᠢᠯ ᠲᠦᠷᠦᠯ ᠢᠶᠠᠷ ᠨᠢ ᠲᠤᠰᠠᠯᠠᠬᠤ ᠪᠠ ᠵᠡᠭᠦᠨ ᠪᠠᠷᠠᠭᠤᠨ ᠣᠷᠣᠨ ᠬᠠᠮᠵᠢᠯᠴᠠᠬᠤ ᠶᠢ ᠠᠬᠢᠭᠤᠯᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ᠂ ᠦᠨᠳᠦᠰᠦᠲᠡᠨ ᠤ ᠬᠦᠷᠢᠶᠡᠨ ᠳᠠᠬᠢ ᠠᠶᠤᠯ ᠲᠦᠭᠰᠢᠭᠦᠷᠢ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠬᠤ᠂ ᠦᠨᠳᠦᠰᠦᠲᠡᠨ ᠤ ᠭᠠᠵᠠᠷ ᠣᠷᠣᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠠ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠢᠴᠢ ᠪᠤᠰᠤᠳ ᠲᠠᠯ᠎ᠠ ᠪᠠᠷ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠬᠠᠮᠲᠤ ᠪᠠ ᠬᠤᠪᠢ ᠬᠥᠮᠥᠨ ᠢ ᠪᠠᠭᠲᠠᠭᠠᠨ᠎ᠠ᠃      ︽ᠮᠡᠳᠡᠭᠳᠡᠯ︾ ᠳᠤ ᠲᠠᠨᠢᠯᠴᠠᠭᠤᠯᠵᠤ ᠰᠢᠯᠭᠠᠷᠠᠭᠤᠯᠬᠤ ᠲᠠᠰ ᠳᠠᠷᠠᠭᠠᠯᠠᠯ ᠪᠠ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠪᠠ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠂ ᠨᠠᠮ ᠤᠨ ᠬᠤᠷᠢᠶ᠎ᠠ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠳᠤᠷᠢᠳᠬᠤ ᠪᠠ ᠪᠣᠭᠤᠮᠲᠠ ᠰᠠᠬᠢᠬᠤ ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠢ᠃ ᠲᠣᠭᠲᠠᠭᠠᠭᠰᠠᠨ ᠪᠠᠷᠢᠮᠵᠢᠶ᠎ᠠ᠂ ᠨᠥᠬᠦᠴᠡᠯ ᠪᠣᠯᠣᠨ ᠳᠡᠰ ᠳᠠᠷᠠᠭᠠᠯᠠᠯ ᠢ ᠴᠢᠩᠭ᠎ᠠ ᠵᠢᠷᠤᠮᠯᠠᠨ᠂ ᠲᠠᠨᠢᠯᠴᠠᠭᠤᠯᠤᠭᠰᠠᠨ ᠡᠲᠡᠭᠡᠳ ᠤᠨ ᠤᠯᠤᠰ ᠲᠥᠷᠥ ᠶᠢᠨ ᠬᠡᠪ ᠪᠣᠯᠪᠠᠰᠤᠷᠠᠯ᠂ ᠭᠤᠣᠯ ᠪᠤᠯᠬᠤ ᠪᠣᠳᠠᠲᠤ ᠠᠮᠵᠢᠯᠲᠠ ᠪᠣᠯᠣᠨ ᠣᠯᠠᠨ ᠲᠦᠮᠡᠨ ᠳᠤ ᠮᠡᠳᠡᠷᠡᠭᠳᠡᠭᠰᠡᠨ ᠪᠠᠶᠢᠳᠠᠯ ᠢ ᠪᠦᠭᠦ ᠲᠠᠯ᠎ᠠ ᠪᠠᠷ ᠰᠢᠯᠭᠠᠨ ᠪᠠᠶᠢᠴᠠᠭᠠᠵᠤ᠂ ᠲᠠᠨᠢᠯᠴᠠᠭᠤᠯᠤᠭᠰᠠᠨ ᠡᠲᠡᠭᠡᠳ ᠤᠨ ᠲᠡᠷᠢᠭᠦᠨ ᠤ ᠴᠢᠨᠠᠷ᠂ ᠲᠥᠯᠥᠭᠡᠯᠡᠬᠦ ᠴᠢᠨᠠᠷ ᠪᠣᠯᠣᠨ ᠴᠠᠭ ᠦᠶᠡᠴᠢ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ᠃ ᠠᠷᠠᠳᠴᠢᠯᠠᠯ ᠢ ᠭᠦᠢᠴᠡᠳ ᠪᠠᠳᠠᠷᠠᠭᠤᠯᠤᠨ᠂ ᠥᠷᠭᠡᠨ ᠢᠶᠠᠷ ᠰᠠᠨᠠᠯ ᠰᠣᠨᠣᠰᠴᠤ᠂ ᠤᠯᠠᠨ ᠲᠦᠮᠡᠨ ᠤ ᠦᠨᠡᠯᠡᠯᠲᠡ ᠶᠢ ᠴᠢᠬᠤᠯᠠᠴᠢᠯᠠᠨ᠂ ᠢᠯᠡ ᠲᠣᠳᠣ ᠡᠷᠬᠡ ᠲᠡᠭᠰᠢ ᠲᠥᠪ ᠭᠤᠣᠯᠴᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号