ᠦᠴᠦᠸᠠᠨ ᠰᠢᠶᠠᠨ ᠬᠠᠤᠯᠢ ᠪᠤᠰᠤ ᠳᠠᠭᠠᠭᠤᠯᠢ ᠣᠳᠣᠨ ᠤ ᠭᠠᠵᠠᠷ ᠳᠡᠭᠡᠷᠡᠬᠢ ᠬᠦᠯᠢᠶᠡᠨ ᠠᠪᠬᠤ ᠪᠡᠯᠡᠳᠬᠡᠮᠵᠢ ᠶᠢᠨ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/20
     ᠬᠠᠤᠯᠢ ᠪᠤᠰᠤ ᠳᠠᠭᠠᠭᠤᠯᠢ ᠣᠳᠣᠨ ᠤ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢ ᠶᠡᠷᠦ ᠳᠡᠭᠡᠨ ︽ᠳᠠᠭᠠᠭᠤᠯᠢ ᠣᠳᠣᠨ ᠤ ᠲᠣᠭᠤᠭ᠎ᠠ︾ ᠭᠡᠳᠡᠭ᠂ ᠥᠨᠳᠥᠷ ᠣᠭᠲᠠᠷᠭᠤᠢ ᠠᠴᠠ ᠤᠨᠠᠬᠤ᠂ ᠠᠶᠤᠩᠭ᠎ᠠ ᠳᠤ ᠳᠠᠭᠠᠷᠢᠭᠳᠠᠬᠤ ᠵᠡᠷᠭᠡ ᠠᠮᠤᠷ ᠲᠦᠪᠰᠢᠨ ᠤ ᠳᠠᠯᠳᠠ ᠭᠡᠮ ᠣᠷᠣᠰᠢᠵᠤ᠂ ᠭᠠᠳᠠᠨ᠎ᠠ ᠠᠴᠠ ᠢᠷᠡᠬᠦ ᠡᠷᠡᠭᠦᠯ ᠪᠤᠰᠤ ᠮᠡᠳᠡᠭᠡ ᠵᠠᠩᠭᠢ ᠪᠠ ᠮᠡᠬᠡᠯᠡᠯ ᠤᠨ ᠮᠡᠳᠡᠭᠡ ᠵᠠᠩᠭᠢ ᠶᠢ ᠬᠦᠯᠢᠶᠡᠨ ᠠᠪᠴᠤ ᠮᠡᠳᠡᠬᠦ ᠪᠥᠭᠡᠳ ᠴᠢᠨᠠᠭᠰᠢᠯᠠᠨ ᠤᠯᠤᠰ ᠤᠨ ᠮᠡᠳᠡᠭᠡ ᠵᠠᠩᠭᠢ ᠶᠢᠨ ᠠᠮᠤᠷ ᠲᠦᠪᠰᠢᠨ ᠢ ᠰᠦᠷᠳᠡᠭᠦᠯᠳᠡᠭ᠃ 6 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠰᠢᠶᠠᠨ ᠤ ᠵᠠᠬ᠎ᠠ ᠳᠡᠯᠭᠡᠭᠦᠷ ᠤᠨ ᠲᠣᠪᠴᠢᠶ᠎ᠠ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠰᠦᠯᠵᠢᠶᠡᠨ ᠤ ᠦᠴᠦᠸᠠᠨ ᠤ ᠬᠤᠪᠢᠶᠠᠷᠢ ᠺᠣᠮᠫᠠᠨᠢ᠂ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠬᠦ ᠶᠡᠭᠡ ᠠᠩᠭᠢ᠂ ᠬᠥᠬᠡ ᠡᠷᠭᠢ ᠪᠠᠯᠭᠠᠰᠤᠨ ᠤ ᠬᠡᠰᠡᠭ ᠨᠡᠶᠢᠭᠡᠮ ᠲᠣᠭᠤᠷᠢᠭ ᠲᠠᠢ ᠬᠠᠮᠲᠤᠷᠠᠨ ᠬᠥᠬᠡ ᠡᠷᠭᠢ ᠪᠠᠯᠭᠠᠰᠤᠨ ᠤ ᠬᠤᠲᠠ ᠶᠢᠨ ᠲᠣᠭᠤᠷᠢᠭ ᠲᠠᠬᠢ ᠬᠠᠤᠯᠢ ᠪᠤᠰᠤ ᠳᠠᠭᠠᠭᠤᠯᠢ ᠤᠳᠤᠨ ᠤ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠶᠢᠨ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃
     ᠲᠤᠰᠬᠠᠢ ᠠᠵᠢᠯᠯᠠᠭ᠎ᠠ ᠶᠢᠨ ᠳᠤᠮᠳᠠ᠂ ᠠᠵᠢᠯᠲᠠᠳ ᠨᠡᠶᠢᠭᠡᠮ ᠲᠣᠭᠤᠷᠢᠭ ᠤᠨ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠲᠠᠢ ᠸᠧᠨ ᠬᠤᠸᠠ ᠬᠤᠷᠢᠶᠠᠯᠠᠯ᠂ ᠾᠧ ᠰᠢᠶᠧ ᠴᠧᠩ᠂ ᠺᠠᠢ ᠶᠤᠸᠠᠨ ᠭᠦᠸᠧ ᠵᠢᠢ ᠵᠡᠷᠭᠡ ᠭᠤᠷᠪᠠᠨ ᠬᠤᠷᠢᠶᠠᠯᠠᠯ ᠳᠤ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠵᠤ᠂ ︽ᠳᠠᠭᠠᠭᠤᠯᠢ ᠣᠳᠣᠨ ᠲᠣᠭᠤᠭ᠎ᠠ︾ ᠶᠢᠨ ᠲᠤᠭ᠎ᠠ ᠬᠡᠮᠵᠢᠶ᠎ᠡ ᠵᠢᠴᠢ ᠣᠷᠣᠨ ᠪᠠᠶᠢᠷᠢ ᠶᠢ ᠲᠣᠳᠣᠷᠬᠠᠢ ᠣᠶᠢᠯᠠᠭᠠᠪᠠ᠃ ᠳᠠᠷᠠᠭ᠎ᠠ ᠨᠢ᠂ ︽ᠳᠠᠭᠠᠭᠤᠯᠢ ᠣᠳᠣᠨ ᠲᠣᠭᠤᠭ᠎ᠠ︾ ᠤᠭᠰᠠᠷᠠᠭᠰᠠᠨ ᠥᠮᠴᠢᠲᠡᠨ ᠢ ᠢᠳᠡᠪᠬᠢᠲᠡᠢ ᠪᠠᠷ ᠢᠳᠬᠠᠵᠤ ᠪᠠᠶᠢᠭᠠᠳ ᠥᠪᠡᠰᠦᠪᠡᠨ ᠨᠤᠷᠠᠭᠠᠵᠤ᠂ ᠨᠠᠰᠤᠲᠠᠨ ᠨᠤᠷᠠᠭᠠᠬᠤ ᠳᠤ ᠲᠥᠬᠦᠮ ᠦᠭᠡᠢ ᠪᠠᠶᠢᠪᠠᠯ᠂ ᠠᠵᠢᠯᠲᠠᠳ ᠬᠠᠪᠰᠤᠷᠤᠨ ᠨᠤᠷᠠᠭᠠᠬᠤ ᠶᠢᠨ ᠬᠠᠮᠲᠤ ᠪᠠᠰᠠ ᠰᠠᠭᠤᠭᠠᠯᠢ ᠠᠷᠠᠳ ᠲᠤ ︽ᠳᠠᠭᠠᠭᠤᠯᠢ ᠣᠳᠣᠨ ᠲᠣᠭᠤᠭ᠎ᠠ︾ ᠶᠢᠨ ᠬᠤᠣᠷ ᠬᠥᠨᠥᠭᠡᠯ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠮᠡᠳᠡᠭᠳᠡᠵᠦ᠂ ᠣᠯᠠᠨ ᠲᠦᠮᠡᠨ ᠤ ᠤᠭᠰᠠᠷᠠᠬᠤ ᠦᠭᠡᠢ᠂ ᠬᠡᠷᠡᠭᠯᠡᠬᠦ ᠦᠭᠡᠢ᠂ ︽ᠳᠠᠭᠠᠭᠤᠯᠢ ᠣᠳᠣᠨ ᠤ ᠲᠣᠭᠤᠭ᠎ᠠ︾ ᠶᠢ ᠨᠤᠷᠠᠭᠠᠬᠤ ᠴᠢᠬᠤᠯᠠᠲᠠᠢ ᠤᠬᠠᠮᠰᠠᠷ ᠢ ᠴᠢᠩᠭᠠᠳᠬᠠᠪᠠ᠃      ᠳᠠᠷᠠᠭᠠᠴᠢ ᠶᠢᠨ ᠠᠯᠬᠤᠮ ᠳᠤ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠦᠬᠦ ᠰᠢᠶᠠᠨ ᠤ ᠰᠠᠭᠤᠭᠠᠯᠢ ᠠᠷᠠᠳ ᠲᠤ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠬᠢᠵᠦ᠂ ᠰᠠᠭᠤᠭᠠᠯᠢ ᠠᠷᠠᠳ ᠤᠨ ᠬᠠᠤᠯᠢᠵᠢᠯ ᠤᠨ ᠤᠬᠠᠮᠰᠠᠷ ᠢ ᠴᠢᠩᠭᠠᠳᠬᠠᠵᠤ᠂ ᠰᠠᠭᠤᠭᠠᠯᠢ ᠠᠷᠠᠳ ᠲᠤ ᠬᠠᠤᠯᠢ ᠪᠤᠰᠤ ᠳᠠᠭᠠᠭᠤᠯᠢ ᠤᠳᠤᠨ ᠤ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢᠨ ᠬᠤᠣᠷ ᠬᠥᠨᠥᠭᠡᠯ ᠢ ᠣᠶᠢᠯᠠᠭᠠᠭᠤᠯᠵᠤ᠂ ᠤᠭᠰᠠᠷᠠᠨ ᠬᠡᠷᠡᠭᠯᠡᠬᠦ ᠶᠢ ᠤᠬᠠᠮᠰᠠᠷ ᠠᠴᠠ ᠪᠠᠨ ᠬᠤᠷᠢᠭᠯᠠᠵᠤ᠂ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠬᠤ ᠪᠣᠯᠣᠨ᠎ᠠ᠃  ︵ᠰᠤᠷᠪᠤᠯᠵᠢᠯᠠᠭᠴᠢ᠄ ᠯᠢᠦ ᠪᠠᠢ ᠢᠦᠢ ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号