ᠶᠠᠩ ᠰᠢᠩ ᠱᠧᠩ ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠵᠣᠬᠢᠶᠠᠨ ᠪᠠᠶᠢᠭᠤᠯᠤᠭᠰᠠᠨ ᠠᠵᠢᠯᠯᠠᠭᠠᠨ ᠤ ᠪᠠᠶᠢᠳᠠᠯ ᠪᠣᠯᠣᠨ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠥᠮᠦᠵᠢᠯ ᠪᠣᠯᠪᠠᠰᠤᠷᠠᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/20
     6 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠭᠦᠨᠵᠡᠭᠡᠶᠢᠷᠡᠨ ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠵᠣᠬᠢᠶᠠᠨ ᠪᠠᠶᠢᠭᠤᠯᠵᠤ ᠠᠵᠢᠯᠯᠠᠭᠤᠯᠤᠭᠰᠠᠨ ᠪᠠᠶᠢᠳᠠᠯ ᠪᠠ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠥᠮᠦᠵᠢᠯ ᠪᠣᠯᠪᠠᠰᠤᠷᠠᠯ ᠵᠡᠷᠭᠡ ᠠᠵᠢᠯ ᠢ ᠪᠠᠶᠢᠴᠠᠭᠠᠨ ᠰᠤᠳᠤᠯᠵᠤ᠂ ᠰᠠᠯᠠᠭ᠎ᠠ ᠮᠥᠴᠢᠷ ᠤᠨ ᠪᠠᠶᠢᠷᠢᠯᠠᠭᠤᠯᠤᠯᠲᠠ᠂ ᠠᠵᠢᠯᠲᠠᠨ ᠤ ᠲᠣᠬᠢᠷᠠᠭᠤᠯᠤᠯᠲᠠ᠂ ᠠᠵᠢᠯ ᠤᠨ ᠠᠬᠢᠴᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠭᠰᠠᠨ ᠤ ᠳᠠᠷᠠᠭ᠎ᠠ ᠶᠠᠷᠢᠯᠴᠠᠬᠤ ᠬᠤᠷᠠᠯ ᠬᠤᠷᠠᠯᠳᠤᠭᠤᠯᠪᠠ᠃      ᠶᠠᠷᠢᠯᠴᠠᠬᠤ ᠬᠤᠷᠠᠯ ᠳᠡᠭᠡᠷ᠎ᠡ᠂ ᠨᠡᠶᠢᠭᠡᠮ ᠤᠨ ᠠᠵᠢᠯ ᠤᠨ ᠬᠡᠯᠲᠡᠰ᠂ ᠨᠠᠮ ᠤᠨ ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠤᠰ ᠲᠤᠰ ᠠᠵᠢᠯ ᠤᠨ ᠬᠠᠷᠢᠭᠤ ᠮᠡᠳᠡᠭᠦᠯᠦᠯᠲᠡ ᠬᠢᠪᠡ᠃ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠶᠠᠩ ᠰᠢᠩ ᠱᠧᠩ ᠱᠠᠭᠠᠷᠳᠠᠭᠰᠠᠨ ᠨᠢ᠂ ᠨᠡᠶᠢᠭᠡᠮ ᠤᠨ ᠠᠵᠢᠯ ᠤᠨ ᠬᠡᠯᠲᠡᠰ ᠪᠣᠯ ᠰᠢᠨ᠎ᠡ ᠪᠠᠷ ᠪᠠᠶᠢᠭᠤᠯᠤᠭᠳᠠᠭᠰᠠᠨ ᠰᠠᠯᠠᠭ᠎ᠠ ᠮᠥᠴᠢᠷ ᠮᠥᠨ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠶᠢᠨ ᠦᠨᠡᠨᠴᠢ ᠰᠢᠳᠤᠷᠭᠤ ᠶᠢ ᠪᠠᠲᠤ ᠪᠠᠬᠢ ᠪᠣᠶ ᠪᠣᠯᠭᠠᠵᠤ᠂ ᠤᠯᠤᠰ ᠲᠥᠷᠥ ᠶᠢᠨ ᠪᠠᠶᠢᠷᠢ ᠲᠣᠭᠲᠠᠭᠠᠯᠲᠠ ᠶᠢ ᠲᠣᠪᠤᠶᠢᠯᠭᠠᠨ᠂ ᠦᠵᠡᠯ ᠰᠠᠨᠠᠭ᠎ᠠ ᠪᠠᠷ ᠵᠠᠮᠴᠢᠯᠠᠬᠤ ᠶᠢ ᠳᠣᠪᠤᠶᠢᠯᠭᠠᠵᠤ᠂ ᠭᠤᠣᠯ ᠱᠤᠭᠤᠮ ᠤᠨ ᠱᠠᠭᠠᠷᠳᠠᠯᠭ᠎ᠠ ᠶᠢ ᠲᠣᠪᠤᠶᠢᠯᠭᠠᠨ᠂ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠵᠠᠬᠢᠳᠠᠯ ᠰᠣᠷᠪᠤᠯᠵᠢᠯᠠᠭ᠎ᠠ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ᠂ ︽ᠬᠤᠶᠠᠷ ᠠᠵᠤ ᠠᠬᠤᠶᠢᠯᠠᠯ ᠭᠤᠷᠪᠠᠨ ᠰᠢᠨ᠎ᠡ︾ ᠨᠠᠮ ᠤᠨ ᠪᠠᠶᠢᠭᠤᠯᠤᠯᠲᠠ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠵᠠᠰᠠᠯᠲᠠ ᠶᠢᠨ ᠳᠤᠮᠳᠠᠬᠢ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠴᠢᠳᠠᠮᠠᠭᠠᠢ ᠪᠠᠷ ᠳ᠋ᠦᠩᠨᠡᠨ ᠳᠡᠯᠭᠡᠷᠡᠭᠦᠯᠵᠦ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ ᠲᠤᠰᠬᠠᠶᠢᠵᠢᠭᠰᠠᠨ ᠨᠡᠶᠢᠭᠡᠮ ᠤᠨ ᠠᠵᠢᠯ ᠤᠨ ᠡᠩᠨᠡᠭᠡ ᠶᠢ ᠲᠠᠰᠤᠷᠠᠯᠲᠠ ᠦᠭᠡᠢ ᠪᠣᠶ ᠪᠣᠯᠭᠠᠵᠤ᠂ ᠡᠯ᠎ᠡ ᠵᠦᠢᠯ ᠤᠨ ᠨᠡᠶᠢᠭᠡᠮ ᠤᠨ ᠠᠵᠢᠯ ᠤᠨ ᠡᠮᠦᠨ᠎ᠡ ᠨᠢ ᠶᠠᠪᠤᠵᠤ᠂ ᠥᠯᠢᠭᠡᠷ ᠳᠠᠭᠤᠷᠢᠶᠠᠯ ᠪᠣᠯᠬᠤ ᠶᠢ ᠠᠬᠢᠭᠤᠯᠬᠤ ᠬᠡᠷᠡᠭᠲᠡᠢ᠃      ᠶᠠᠩ ᠰᠢᠩ ᠱᠧᠩ ᠴᠢᠬᠤᠯᠠᠴᠢᠯᠠᠭᠰᠠᠨ ᠨᠢ᠂ ᠨᠠᠮ ᠤᠨ ᠰᠤᠷᠭᠠᠭᠤᠯᠢ ᠪᠣᠯ ᠺᠠᠳ᠋ᠷ ᠤᠨ ᠬᠥᠮᠦᠵᠢᠯ ᠪᠣᠯᠪᠠᠰᠤᠷᠠᠯ ᠤᠨ ᠭᠤᠣᠯ ᠵᠢᠭᠰᠠᠭᠠᠯ ᠤᠨ ᠭᠠᠵᠠᠷ ᠮᠥᠨ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠭᠠᠭᠤᠯᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠤᠨ ᠲᠣᠭᠤᠷᠢᠨ ᠳᠤ᠂ ᠵᠥᠪ ᠣᠨᠣᠪᠴᠢᠲᠠᠢ ᠰᠤᠷᠭᠠᠭᠤᠯᠢ ᠡᠷᠬᠢᠯᠡᠬᠦ ᠴᠢᠭᠯᠡᠯ ᠢ ᠪᠠᠲᠤ ᠡᠵᠡᠮᠳᠡᠵᠦ᠂ ᠨᠠᠮᠴᠢ ᠴᠢᠨᠠᠷ ᠤᠨ ᠵᠠᠷᠴᠢᠮ ᠢ ᠪᠠᠷᠢᠮᠲᠠᠯᠠᠵᠤ᠂ ᠨᠠᠮ ᠤᠨ ᠤᠯᠤᠰ ᠲᠦᠷᠦ ᠶᠢᠨ ᠱᠤᠭᠤᠮ ᠢ ᠵᠢᠷᠤᠮᠯᠠᠵᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠶᠢ ᠨᠠᠮ ᠤᠨ ᠰᠤᠷᠭᠠᠭᠤᠯᠢ ᠶᠢᠨ ᠠᠯᠢᠪᠠ ᠠᠵᠢᠯ ᠤᠨ ᠦᠨᠳᠦᠰᠦᠨ ᠵᠠᠷᠴᠢᠮ ᠪᠠ ᠦᠨᠳᠦᠰᠦᠨ ᠵᠢᠷᠤᠮᠯᠠᠯ ᠪᠣᠯᠭᠠᠵᠤ᠂ ᠨᠠᠮ ᠤᠨ ᠰᠤᠷᠭᠠᠭᠤᠯᠢ ᠶᠢᠨ ᠠᠵᠢᠯ ᠤᠨ ᠪᠦᠬᠦ ᠶᠠᠪᠤᠴᠠ ᠪᠠ ᠡᠯ᠎ᠡ ᠲᠠᠯ᠎ᠠ ᠳᠤ ᠠᠭᠤᠰᠤᠯᠴᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠨᠠᠮ ᠤᠨ ᠰᠤᠷᠭᠠᠭᠤᠯᠢ ᠶᠢᠨ ᠣᠪᠣᠭ ᠨᠢ ᠨᠠᠮ ᠪᠠᠶᠢᠬᠤ ᠦᠨᠳᠦᠰᠦᠨ ᠵᠠᠷᠴᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠷᠢᠭᠤᠨ ᠴᠢᠬᠡᠴᠢ ᠰᠢᠯᠢᠳᠡᠭ ᠰᠤᠷᠭᠠᠭᠤᠯᠢ ᠶᠢᠨ ᠰᠤᠷᠲᠠᠯ ᠢ ᠰᠠᠶᠢᠲᠤᠷ ᠪᠣᠶᠢᠵᠢᠭᠤᠯᠤᠨ ᠪᠠᠳᠠᠷᠠᠭᠤᠯᠵᠤ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ᠂ ᠪᠠᠭᠰᠢ ᠶᠢᠨ ᠡᠩᠨᠡᠭᠡ ᠵᠡᠷᠭᠡ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠨᠠᠮ ᠤᠨ ᠰᠤᠷᠭᠠᠭᠤᠯᠢ ᠶᠢᠨ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ ᠳᠦᠷᠢᠮᠵᠢᠯᠲᠡ᠂ ᠵᠢᠷᠤᠮᠵᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠵᠢᠭᠰᠠᠭᠠᠯ ᠤᠨ ᠭᠠᠵᠠᠷ ᠢ ᠦᠨᠡᠨᠬᠦ ᠰᠠᠶᠢᠲᠤᠷ ᠰᠠᠬᠢᠬᠤ ᠬᠡᠷᠡᠭᠲᠡᠢ᠃ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢᠨ ᠲᠣᠭᠤᠷᠢᠨ ᠳᠤ᠂ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠳᠦᠷ ᠲᠤᠳᠤᠮ ᠤᠨ ᠬᠥᠮᠦᠵᠢᠯ ᠪᠣᠯᠪᠠᠰᠤᠷᠠᠯ ᠪᠣᠯᠣᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠣᠷᠭᠠᠨᠢᠭ ᠢᠶᠠᠷ ᠠᠭᠤᠰᠤᠯᠴᠠᠭᠤᠯᠬᠤ ᠶᠢ ᠠᠬᠢᠭᠤᠯᠵᠤ᠂ ᠤᠨᠤᠯ ᠢ ᠪᠣᠳᠠᠲᠠᠢ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠤᠨᠤᠯ ᠤᠨ ᠰᠤᠳᠤᠯᠭᠠᠨ ᠪᠣᠯᠣᠨ ᠠᠷᠭᠠᠴᠠᠬᠤ ᠪᠣᠳᠣᠯᠭ᠎ᠠ ᠶᠢᠨ ᠰᠤᠳᠤᠯᠭᠠᠨ ᠢ ᠴᠢᠨᠠᠭᠰᠢᠳᠠ ᠴᠢᠩᠭᠠᠳᠬᠠᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠰᠢᠶᠠᠨ ᠳᠤ ᠠᠵᠢᠯ ᠬᠢᠬᠦ ᠶᠢ ᠪᠤᠳᠤᠬᠤ᠂ ᠠᠵᠢᠯ ᠬᠢᠵᠦ ᠳᠡᠶᠢᠯᠬᠦ ᠺᠠᠳ᠋ᠷ ᠴᠢᠳᠠᠪᠤᠷᠢᠲᠠᠨ ᠤ ᠡᠩᠨᠡᠭᠡ ᠶᠢ ᠬᠥᠮᠥᠵᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃  ︵ᠰᠤᠷᠪᠤᠯᠵᠢᠯᠠᠭᠴᠢ ᠵᠧᠦ ᠶᠠᠨ  ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号