ᠡᠨᠡ ᠵᠢᠯ ᠬᠥᠭᠵᠢᠯᠲᠡ ᠶᠢᠨ ᠲᠡᠯᠳᠡ ᠬᠦᠴᠦᠨ ᠲᠠᠢ 1000 ᠭᠠᠷᠤᠢ ᠠᠵᠤ ᠠᠬᠤᠶᠢᠯᠠᠯ ᠡᠳ᠋ ᠤᠨ ᠵᠠᠰᠠᠭ ᠤᠨ ᠱᠠᠩᠨᠠᠯ ᠨᠥᠬᠦᠪᠦᠷᠢ ᠶᠢᠨ ᠳᠡᠮᠵᠢᠯᠭᠡ ᠶᠢ ᠭᠦᠷᠳᠡᠨ᠎ᠠ
ᠨᠡᠶᠢᠲᠡᠯᠡᠭᠰᠡᠨ ᠴᠠᠭ᠄
2024/6/21
     ᠰᠤᠷᠪᠤᠯᠵᠢᠯᠠᠬᠴᠢ 19 ᠤ ᠡᠳᠦᠷ ᠡᠳ᠋ ᠤᠨ ᠵᠠᠰᠠᠭ ᠤᠨ ᠶᠠᠮᠤᠨ ᠠᠴᠠ ᠣᠶᠢᠯᠠᠭᠠᠭᠰᠠᠨ ᠢᠶᠠᠷ᠂ ᠡᠳ᠋ ᠤᠨ ᠵᠠᠰᠠᠭ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠪᠠᠷ ᠳᠠᠮᠵᠢᠨ ᠲᠤᠰᠬᠠᠶᠢᠵᠢᠭᠰᠠᠨ ᠨᠠᠷᠢᠯᠢᠭᠵᠢᠭᠰᠠᠨ ᠤᠨᠴᠠᠯᠢᠬᠵᠢᠬᠰᠠᠨ ᠰᠢᠨ᠎ᠡ ᠳᠤᠮᠳᠠ ᠵᠢᠵᠢᠭ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠳᠡᠮᠵᠢᠵᠦ᠂ 2024 ᠣᠨ ᠳᠤ ᠲᠦᠷᠦᠭᠦᠦ ᠪᠦᠯᠦᠭ ᠤᠨ 1000 ᠭᠠᠷᠤᠢ ᠲᠤᠰᠬᠠᠶᠢᠵᠢᠭᠰᠠᠨ ᠨᠠᠷᠢᠯᠢᠭᠵᠢᠭᠰᠠᠨ ᠤᠨᠴᠠᠯᠢᠬᠵᠢᠬᠰᠠᠨ ᠰᠢᠨ᠎ᠡ ᠬᠥᠭᠵᠢᠯᠲᠡ ᠶᠢᠨ ᠲᠡᠯᠳᠡ ᠬᠦᠴᠦᠨ ᠢᠶᠠᠷ ᠴᠢᠩᠭ᠎ᠠ ᠠᠵᠤ ᠠᠬᠤᠶᠢᠯᠠᠯ ᠢ ᠳᠡᠮᠵᠢᠬᠦ ᠪᠠᠷ ᠪᠠᠶᠢᠨ᠎ᠠ᠃      ᠬᠤᠶᠠᠷ ᠰᠠᠯᠠᠭ᠎ᠠ ᠮᠥᠴᠢᠷ ᠤᠨ ᠲᠦᠷᠦᠭᠦᠬᠡᠨ ᠳᠠᠷᠤᠮᠠᠯᠯᠠᠨ ᠲᠠᠷᠬᠠᠭᠠᠭᠰᠠᠨ ᠮᠡᠳᠡᠭᠳᠡᠯ ᠳᠤ᠂ 2024 ᠣᠨ  ᠠᠴᠠ 2026 ᠣᠨ ᠪᠤᠯᠲᠠᠯ᠎ᠠ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ᠂ ᠠᠵᠤ ᠦᠢᠯᠡᠳᠪᠦᠷᠢ ᠶᠢᠨ ︽ᠵᠢᠷᠭᠤᠭᠠᠨ ᠰᠠᠭᠤᠷᠢ︾ ᠵᠢᠴᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠢᠷᠡᠭᠡᠳᠦᠢ ᠶᠢᠨ ᠠᠵᠤ ᠦᠢᠯᠡᠰ ᠤᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠡᠳ᠋ ᠤᠨ ᠵᠠᠰᠠᠭ ᠤᠨ ᠶᠡᠷᠦᠩᠬᠡᠶᠢᠯᠡᠭᠰᠡᠨ ᠱᠠᠩᠨᠠᠯ ᠨᠥᠬᠦᠪᠦᠷᠢ ᠶᠢᠨ ᠠᠷᠭ᠎ᠠ ᠭᠡᠯᠪᠡᠷᠢ ᠪᠠᠷ ᠳᠠᠮᠵᠢᠭᠤᠯᠤᠨ᠂ ᠭᠤᠷᠪᠠᠨ ᠪᠦᠯᠦᠭ ᠤᠳᠠᠭ᠎ᠠ ᠬᠤᠪᠢᠶᠠᠨ ᠬᠥᠭᠵᠢᠯᠲᠡ ᠶᠢᠨ ᠲᠡᠯᠳᠡ ᠬᠦᠴᠦᠨ ᠢᠶᠠᠷ ᠴᠢᠩᠭ᠎ᠠ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠭᠤᠣᠯᠳᠠᠯᠭ᠎ᠠ ᠲᠠᠢ ᠳᠡᠮᠵᠢᠨ᠎ᠡ᠃ 2024 ᠣᠨ ᠳᠤ ᠲᠦᠷᠦᠭᠦᠦ ᠪᠦᠯᠦᠭ ᠤᠨ 1000 ᠭᠠᠷᠤᠢ ᠬᠥᠭᠵᠢᠯᠲᠡ ᠶᠢᠨ ᠲᠡᠯᠳᠡ ᠬᠦᠴᠦᠨ ᠢᠶᠠᠷ ᠴᠢᠩᠭ᠎ᠠ ᠠᠵᠤ ᠠᠬᠤᠶᠢᠯᠠᠯ ᠢ ᠳᠡᠮᠵᠢᠵᠦ᠂ ᠬᠤᠶᠢᠰᠢᠳᠠ ᠬᠡᠷᠡᠭᠵᠢᠭᠦᠯᠦᠭᠰᠡᠨ ᠪᠠᠶᠢᠳᠠᠯ ᠢ ᠦᠨᠳᠦᠰᠦᠯᠡᠨ ᠳᠡᠮᠵᠢᠬᠦ ᠬᠡᠪᠴᠢᠶ᠎ᠡ ᠪᠠᠨ ᠴᠢᠨᠠᠭᠰᠢᠳᠠ ᠥᠷᠭᠡᠳᠬᠡᠨ᠎ᠡ ᠭᠡᠵᠦ ᠲᠣᠳᠣᠷᠬᠠᠶᠢᠯᠠᠪᠠ᠃      ᠣᠶᠢᠯᠠᠭᠠᠭᠰᠠᠨ ᠢᠶᠠᠷ᠂ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠪᠠᠷ ᠭᠤᠣᠯᠳᠠᠯᠭ᠎ᠠ ᠲᠠᠢ ᠬᠦᠷᠢᠶᠡᠨ ᠳᠠᠬᠢ ᠬᠥᠭᠵᠢᠯᠲᠡ ᠶᠢᠨ ᠲᠡᠯᠳᠡ ᠬᠦᠴᠦᠨ ᠢᠶᠠᠷ ᠴᠢᠩᠭ᠎ᠠ ᠠᠵᠤ ᠠᠬᠤᠶᠢᠯᠠᠯ ᠤᠨ ᠰᠢᠨ᠎ᠡ ᠬᠥᠳᠡᠯᠭᠡᠬᠦ ᠬᠦᠴᠦ ᠶᠢ ᠪᠤᠶ ᠪᠤᠯᠭᠠᠬᠤ᠂ ᠰᠢᠨ᠎ᠡ ᠮᠡᠷᠭᠡᠵᠢᠯ ᠤᠨ ᠪᠣᠭᠤᠮᠲᠠ ᠰᠢᠪᠲᠤᠯᠬᠤ᠂ ᠰᠢᠨ᠎ᠡ ᠦᠢᠯᠡᠳᠬᠦᠨ ᠢ ᠨᠡᠭᠡᠭᠡᠨ ᠦᠢᠯᠡᠳᠬᠦ᠂ ᠠᠵᠤ ᠦᠢᠯᠡᠰ ᠤᠨ ᠬᠡᠯᠬᠢᠶ᠎ᠡ ᠶᠢᠨ ᠢᠵᠢ ᠪᠦᠷᠢᠳᠦᠭᠦᠯᠬᠦ ᠴᠢᠳᠠᠪᠤᠷᠢ ᠶᠢ ᠴᠢᠩᠭᠠᠷᠠᠭᠤᠯᠬᠤ ᠶᠢ ᠳᠡᠮᠵᠢᠬᠦ ᠶᠢᠨ ᠬᠠᠮᠲᠤ ᠣᠷᠣᠨ ᠨᠤᠲᠤᠭ ᠤᠨ ᠲᠤᠰᠬᠠᠶᠢᠵᠢᠭᠰᠠᠨ ᠨᠠᠷᠢᠯᠢᠭᠵᠢᠭᠰᠠᠨ ᠤᠨᠴᠠᠯᠢᠬᠵᠢᠬᠰᠠᠨ ᠰᠢᠨ᠎ᠡ ᠳᠤᠮᠳᠠ ᠵᠢᠵᠢᠭ ᠠᠵᠤ ᠠᠬᠤᠶᠢᠯᠠᠯ ᠢ ᠳᠡᠮᠵᠢᠨ᠎ᠡ᠃ ᠱᠠᠩᠨᠠᠯ ᠨᠥᠬᠦᠪᠦᠷᠢ ᠶᠢᠨ ᠪᠠᠷᠢᠮᠵᠢᠶ᠎ᠠ ᠶᠢᠨ ᠲᠠᠯ᠎ᠠ ᠪᠠᠷ᠂ ᠰᠢᠨ᠎ᠡ ᠨᠢᠭᠡ ᠡᠭᠡᠯᠵᠢ ᠶᠢᠨ ᠲᠤᠰᠬᠠᠶᠢᠵᠢᠭᠰᠠᠨ ᠨᠠᠷᠢᠯᠢᠭᠵᠢᠭᠰᠠᠨ ᠤᠨᠴᠠᠯᠢᠬᠵᠢᠬᠰᠠᠨ ᠰᠢᠨ᠎ᠡ ᠳᠤᠮᠳᠠ ᠵᠢᠵᠢᠭ ᠠᠵᠤ ᠠᠬᠤᠶᠢᠯᠠᠯ ᠢ ᠱᠠᠩᠨᠠᠵᠤ ᠨᠥᠬᠦᠪᠦᠷᠢ ᠥᠭᠬᠦ ᠳᠤ ᠤᠤᠯ ᠤᠨ ᠪᠠᠷᠢᠮᠵᠢᠶ᠎ᠠ ᠶᠢ ᠦᠷᠭᠦᠯᠵᠢᠯᠡᠨ ᠬᠡᠷᠡᠭᠯᠡᠬᠦ ᠪᠠᠷ ᠪᠤᠶ᠂ ᠲᠤᠬᠠᠶᠢᠯᠠᠪᠠᠯ ᠠᠵᠤ ᠠᠬᠤᠶᠢᠯᠠᠯ ᠨᠢᠭᠡᠪᠦᠷᠢ ᠶᠢ ᠭᠤᠷᠪᠠᠨ ᠵᠢᠯ ᠳᠠᠷᠠᠭᠠᠯᠠᠨ ᠳᠡᠮᠵᠢᠵᠦ᠂ ᠠᠵᠤ ᠠᠬᠤᠶᠢᠯᠠᠯ ᠨᠢᠭᠡᠪᠦᠷᠢ  ᠳᠤ ᠨᠡᠶᠢᠲᠡ 600 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠣᠷᠣᠨ ᠨᠤᠲᠤᠭ ᠲᠤ ᠱᠠᠩᠨᠠᠵᠤ ᠨᠥᠬᠦᠪᠦᠷᠢ ᠥᠭᠬᠦ ᠵᠣᠭᠤᠰ ᠤᠨ ᠬᠡᠮᠵᠢᠶ᠎ᠡ ᠶᠢ ᠪᠤᠳᠤᠵᠤ ᠥᠭᠭᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号