ᠦᠴᠦᠸᠠᠨ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ︽ᠳᠥᠷᠪᠡ ᠶᠢ ᠪᠦᠷᠢᠳᠦᠭᠦᠯᠦᠭᠰᠡᠨ︾ ᠰᠢᠯᠢᠳᠡᠭ ᠪᠢᠴᠢᠭ ᠤᠨ ᠲᠤᠰᠢᠶᠠᠯᠲᠠᠨ ᠤ ᠭᠡᠷ ᠪᠦᠯᠢ ᠳᠤ ᠪᠠᠶᠠᠷ ᠤᠨ ᠮᠡᠳᠡᠭᠡ ᠬᠦᠷᠭᠡᠪᠡ
ᠨᠡᠶᠢᠲᠡᠯᠡᠭᠰᠡᠨ ᠴᠠᠭ᠄
2024/6/24
     ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠨᠡᠶᠢᠭᠡᠮ ᠤᠨ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠬᠦ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠬᠦ ᠶᠢᠨ ᠲᠥᠯᠥᠭᠡ᠂ 6 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠦᠴᠦᠸᠠᠨ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠬᠥᠬᠡ ᠡᠷᠭᠢ ᠪᠠᠯᠭᠠᠰᠤ᠂ ᠬᠥᠬᠡ ᠡᠷᠭᠢ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠵᠡᠷᠭᠡ ᠬᠠᠮᠢᠶ᠎ᠠ ᠪᠦᠬᠦᠢ ᠬᠠᠷᠢᠭᠤᠴᠠᠯᠭᠠᠲᠠᠨ ᠨᠠᠷ ︽ᠳᠥᠷᠪᠡ ᠶᠢ ᠪᠦᠷᠢᠳᠦᠭᠦᠯᠦᠭᠰᠡᠨ︾ ᠰᠢᠯᠢᠳᠡᠭ ᠪᠢᠴᠢᠭ ᠤᠨ ᠠᠵᠢᠯᠲᠠᠨ ᠹᠠᠨ ᠶᠠᠨ ᠤ ᠭᠡᠷ ᠪᠦᠯᠢ ᠶᠢᠨ ᠬᠢᠨ ᠳᠤ ᠪᠠᠶᠠᠷ ᠤᠨ ᠮᠡᠳᠡᠭᠡ ᠪᠠ ᠲᠣᠬᠤᠨᠢᠭᠤᠯᠬᠤ ᠪᠣᠳᠠᠰ ᠬᠦᠷᠭᠡᠭᠰᠡᠨ ᠪᠥᠭᠡᠳ ᠲᠡᠳᠡᠨ ᠤ ᠭᠡᠷ ᠪᠦᠯᠢ ᠶᠢᠨ ᠬᠢᠨ ᠳᠤ ᠴᠢᠩ ᠰᠡᠳᠬᠢᠯ ᠤᠨ ᠪᠠᠶᠠᠷ ᠪᠠ ᠮᠡᠨᠳᠦᠴᠢᠯᠡᠯ ᠳᠡᠪᠰᠢᠭᠦᠯᠵᠦ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠭᠠᠪᠢᠶ᠎ᠠ ᠪᠠᠶᠢᠭᠤᠯᠤᠨ ᠱᠠᠩᠨᠠᠯ ᠬᠦᠷᠲᠡᠭᠴᠢ ᠨᠢᠭᠡᠪᠦᠷᠢ ᠶᠢᠨ ᠭᠡᠷ ᠲᠤ ᠳᠠᠮᠵᠢᠭᠤᠯᠪᠠ᠃
     ᠹᠠᠨ ᠶᠠᠨ ᠤ ᠭᠡᠷ ᠪᠦᠯᠢ ᠢᠯᠡᠷᠬᠡᠶᠢᠯᠡᠬᠦ ᠳᠡᠭᠡᠨ᠂ ︽ᠬᠡᠦᠬᠡᠳ ᠤᠨ ᠥᠨᠥᠳᠥᠷ ᠤᠨ ᠠᠮᠵᠢᠯᠲᠠ ᠨᠢ ᠨᠠᠮ ᠪᠠ ᠤᠯᠤᠰ ᠤᠨ ᠰᠠᠶᠢᠨ ᠲᠥᠷᠥ ᠶᠢᠨ ᠪᠣᠳᠣᠯᠭ᠎ᠠ ᠠᠴᠠ ᠰᠠᠯᠵᠤ ᠴᠢᠳᠠᠬᠤ ᠦᠭᠡᠢ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠯᠠᠮᠵᠢᠯᠠᠯ ᠠᠴᠠ ᠰᠠᠯᠵᠤ ᠴᠢᠳᠠᠬᠤ ᠦᠭᠡᠢ᠂ ᠴᠡᠷᠢᠭ ᠠᠩᠭᠢ ᠶᠢᠨ ᠡᠮᠨᠡᠯᠭᠡ ᠶᠢᠨ ᠬᠤᠷᠢᠶᠠᠨ ᠤ ᠨᠠᠷᠢᠨ ᠨᠢᠮᠪᠠᠢ ᠬᠥᠮᠥᠵᠢᠯ ᠠᠴᠠ ᠰᠠᠯᠵᠤ ᠴᠢᠳᠠᠬᠤ ᠦᠭᠡᠢ᠂ ᠪᠢᠳᠡ ᠬᠡᠦᠬᠡᠳ ᠲᠡᠭᠡᠨ ᠰᠡᠳᠬᠢᠯ ᠠᠮᠤᠷ ᠠᠵᠢᠯᠯᠠᠵᠤ᠂ ᠲᠡᠭᠦᠨ ᠢ ᠴᠡᠷᠢᠭ ᠠᠩᠭᠢ ᠳᠤ ᠰᠠᠨᠠᠭ᠎ᠠ ᠠᠮᠤᠷ ᠠᠵᠢᠯᠯᠠᠭᠤᠯᠵᠤ᠂ ᠡᠪᠡᠳᠴᠢᠲᠡᠨ ᠳᠤ ᠰᠡᠳᠬᠢᠯ ᠲᠠᠯᠪᠢᠨ ᠰᠠᠶᠢᠲᠤᠷ ᠦᠢᠯᠡᠴᠢᠯᠡᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠡᠶᠢᠭᠡᠮ ᠳᠤ ᠠᠴᠢ ᠬᠠᠷᠢᠭᠤᠯᠵᠤ᠂ ᠳᠠᠬᠢᠨ ᠰᠢᠨ᠎ᠡ ᠭᠠᠪᠢᠶ᠎ᠠ ᠪᠠᠶᠢᠭᠤᠯᠬᠤ ᠶᠢ ᠵᠣᠷᠢᠭᠵᠢᠭᠤᠯᠤᠨ᠎ᠠ︾ ᠭᠡᠵᠡᠢ᠃      ᠣᠶᠢᠯᠠᠭᠠᠭᠰᠠᠨ ᠢᠶᠠᠷ᠂ ︽ᠳᠥᠷᠪᠡ ᠶᠢ ᠪᠦᠷᠢᠳᠦᠭᠦᠯᠦᠭᠰᠡᠨ︾ ᠰᠢᠯᠢᠳᠡᠭ ᠪᠢᠴᠢᠭ ᠤᠨ ᠠᠵᠢᠯᠲᠠᠨ ᠤ ᠱᠠᠩᠨᠠᠯ ᠤᠨ ᠲᠡᠮᠳᠡᠭ ᠢ 2020 ᠣᠨ ᠳᠤ ᠪᠥᠬᠦ ᠴᠡᠷᠢᠭ ᠲᠤ ᠠᠩᠬ᠎ᠠ ᠤᠳᠠᠭ᠎ᠠ ᠣᠯᠭᠤᠵᠤ᠂ ᠭᠤᠣᠯᠳᠠᠭᠤ ᠤᠯᠤᠰ ᠲᠥᠷᠥ ᠶᠢᠨ ᠲᠠᠯ᠎ᠠ ᠪᠠᠷ ᠬᠢᠷᠢ ᠲᠡᠩᠴᠡᠬᠦ᠂ ᠲᠤᠬᠠᠶᠢᠯᠠᠭᠰᠠᠨ ᠠᠵᠢᠯ ᠳᠠᠭᠠᠨ ᠪᠣᠯᠪᠠᠰᠤᠷᠠᠩᠭᠤᠢ᠂ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠬᠦ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠵᠡᠷᠭᠡ ᠳᠥᠷᠪᠡᠨ ᠲᠠᠯ᠎ᠠ ᠪᠠᠷ ᠰᠢᠯᠭᠠᠷᠠᠭᠤᠯᠤᠨ᠎ᠠ᠃ ᠲᠣᠰ ᠤᠳᠠᠭᠠᠨ ᠤ ᠪᠠᠶᠠᠷ ᠤᠨ ᠮᠡᠳᠡᠭᠡ ᠬᠦᠷᠭᠡᠬᠦ ᠠᠵᠢᠯᠯᠠᠭ᠎ᠠ ᠨᠢ ᠪᠣᠳᠠᠲᠤ ᠠᠵᠢᠯᠯᠠᠭ᠎ᠠ ᠪᠠᠷ ᠢᠶᠠᠨ ᠬᠠᠶᠢᠷ᠎ᠠ ᠬᠠᠯᠠᠮᠵᠢ ᠶᠢ ᠴᠡᠷᠢᠭ ᠠᠩᠭᠢ ᠶᠢᠨ ᠪᠢᠴᠢᠭ ᠤᠨ ᠲᠤᠰᠢᠶᠠᠯᠲᠠᠨ ᠤ ᠭᠡᠷ ᠲᠤ ᠬᠦᠷᠭᠡᠵᠦ᠂ ᠥᠷᠭᠡᠨ ᠣᠯᠠᠨ ᠵᠠᠯᠠᠭᠤᠴᠤᠳ ᠢ ᠵᠣᠷᠢᠭᠵᠢᠭᠤᠯᠤᠨ ᠴᠡᠷᠢᠭ ᠠᠩᠭᠢ ᠳᠤ ᠭᠠᠪᠢᠶ᠎ᠠ ᠪᠠᠶᠢᠭᠤᠯᠤᠨ ᠦᠢᠯᠡᠰ ᠪᠦᠲᠦᠭᠡᠵᠦ᠂ ᠡᠬᠡ ᠤᠯᠤᠰ ᠲᠠᠭᠠᠨ ᠬᠦᠴᠦ ᠪᠠᠨ ᠡᠷᠭᠦᠬᠦ ᠶᠢᠨ ᠬᠠᠮᠲᠤ ᠬᠤᠶᠠᠷ ᠢ ᠬᠦᠷᠢᠶᠡᠯᠡᠬᠦ ᠠᠵᠢᠯ ᠤᠨ ᠰᠠᠶᠢᠨ ᠰᠠᠶᠢᠬᠠᠨ ᠬᠥᠭᠵᠢᠯᠲᠡ ᠶᠢ ᠠᠬᠢᠭᠤᠯᠵᠤ᠂ ︽ᠴᠡᠷᠢᠭ ᠨᠢ ᠠᠷᠠᠳ ᠢᠶᠠᠨ ᠬᠠᠶᠢᠷᠠᠯᠠᠵᠤ᠂ ᠠᠷᠠᠳ ᠨᠢ ᠴᠡᠷᠢᠭ ᠢᠶᠠᠨ ᠬᠦᠷᠢᠶᠡᠯᠡᠵᠦ᠂ ᠴᠡᠷᠢᠭ ᠠᠷᠠᠳ ᠨᠢ ᠨᠢᠭᠡ ᠭᠡᠷ ᠤᠨ ᠬᠥᠮᠥᠨ ᠮᠡᠲᠦ ᠳᠣᠲᠣᠨᠣ︾ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号