ᠦᠴᠦᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠄ ᠪᠦᠬᠦ ᠰᠢᠶᠠᠨ ᠤ ᠬᠠᠤᠯᠢᠴᠢ ᠶᠢᠨ ︽ᠬᠤᠶᠠᠷ ᠵᠦᠢᠯ ᠤᠨ ᠠᠵᠢᠯᠯᠠᠭ᠎ᠠ︾ ᠶᠢ ᠬᠢᠨᠠᠨ ᠬᠠᠮᠢᠶᠠᠷᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/24
     ᠬᠥᠬᠡᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠴᠠ ᠬᠤᠷᠠᠯᠳᠤᠭᠤᠯᠤᠭᠰᠠᠨ ᠪᠥᠬᠦ ᠬᠤᠲᠠ ᠶᠢᠨ ᠬᠠᠤᠯᠢᠴᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠰᠢᠶᠠᠨ ᠤ ᠬᠠᠤᠯᠢᠴᠢ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢᠴᠢ ᠶᠢᠨ ᠠᠵᠢᠯ ᠡᠷᠭᠢᠯᠡᠬᠦ ᠦᠶᠯᠡ ᠠᠵᠢᠯᠯᠠᠭ᠎ᠠ ᠶᠢ ᠵᠢᠷᠤᠮᠵᠢᠭᠤᠯᠤᠨ᠂ ᠪᠥᠬᠦ ᠰᠢᠶᠠᠨ ᠤ ᠬᠠᠤᠯᠢᠴᠢ ᠶᠢᠨ ᠠᠵᠢᠯ ᠲᠥᠷᠥᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ ᠦᠴᠦᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠪᠥᠬᠦ ᠰᠢᠶᠠᠨ ᠤ ᠬᠠᠤᠯᠢᠴᠢ ᠶᠢᠨ ︽ᠬᠤᠶᠠᠷ ᠵᠦᠢᠯ ᠤᠨ ᠠᠵᠢᠯᠯᠠᠭ᠎ᠠ︾ ᠶᠢ ᠬᠢᠨᠠᠨ ᠬᠠᠮᠢᠶᠠᠷᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠠᠤᠯᠢ ᠴᠠᠭᠠᠵᠠ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠨᠡᠶᠢᠲᠡ ᠶᠢᠨ ᠬᠠᠤᠯᠢ ᠶᠢᠨ ᠲᠠᠰᠤᠭ ᠤᠨ ᠳᠠᠷᠤᠭ᠎ᠠ ᠪᠠ ᠰᠢᠶᠠᠨ ᠤ ᠬᠠᠷᠢᠶ᠎ᠠ ᠣᠷᠣᠨ ᠤ 3 ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠵᠢᠴᠢ ᠬᠤᠯᠪᠣᠭᠳᠠᠯ ᠪᠦᠬᠦᠢ ᠬᠥᠮᠥᠰ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠬᠠᠤᠯᠢᠴᠢ ᠶᠢᠨ ᠠᠵᠢᠯ ᠲᠥᠷᠥᠯ ᠳᠤ ᠬᠠᠤᠯᠢ ᠴᠠᠭᠠᠵᠠ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠡᠭᠴᠡᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠬᠦ ᠲᠤᠬᠠᠢ ᠬᠡᠷᠡᠭᠵᠢᠭᠦᠯᠬᠦ ᠨᠠᠷᠢᠨ ᠳᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢᠴᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠨᠠᠮ ᠤᠨ ᠰᠠᠬᠢᠯᠭ᠎ᠠ ᠪᠠᠲᠤ ᠶᠢ ᠰᠢᠢᠳᠪᠦᠷᠢᠯᠡᠬᠦ᠂ ᠵᠠᠰᠠᠭ ᠵᠠᠬᠢᠷᠭᠠᠨ ᠤ ᠰᠢᠢᠳᠬᠡᠯ ᠥᠭᠬᠦ᠂ ᠠᠵᠢᠯ ᠲᠥᠷᠥᠯ ᠤᠨ ᠰᠢᠳᠬᠡᠯ ᠥᠭᠬᠦ ᠲᠤᠰᠬᠠᠢ ᠠᠵᠢᠯᠯᠠᠭ᠎ᠠ ᠶᠢᠨ ᠲᠥᠰᠥᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠡᠭᠦᠨ ᠤ ᠬᠠᠮᠲᠤ ᠡᠨᠡ ᠵᠢᠯ ᠬᠠᠤᠯᠢᠴᠢ ᠶᠢᠨ ᠠᠵᠢᠯ ᠲᠦᠷᠦᠯ ᠳᠤ ᠬᠠᠤᠯᠢ ᠴᠠᠭᠠᠵᠠ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠡᠮᠬᠢ ᠵᠢᠷᠤᠮ ᠢ ᠴᠡᠭᠴᠡᠯᠡᠬᠦ ᠲᠤᠰᠬᠠᠢ ᠠᠵᠢᠯᠯᠠᠭ᠎ᠠ ᠪᠠ ᠬᠠᠤᠯᠢᠴᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠨᠠᠮ ᠤᠨ ᠰᠠᠬᠢᠯᠭ᠎ᠠ ᠪᠠᠲᠤ ᠶᠢ ᠰᠢᠢᠳᠪᠦᠷᠢᠯᠡᠬᠦ᠂ ᠵᠠᠰᠠᠭ ᠵᠠᠬᠢᠷᠭᠠᠨ ᠤ ᠰᠢᠢᠳᠬᠡᠯ ᠥᠭᠬᠦ᠂ ᠠᠵᠢᠯ ᠲᠥᠷᠥᠯ ᠤᠨ ᠰᠢᠳᠬᠡᠯ ᠥᠭᠬᠦ ᠲᠤᠰᠬᠠᠢ ᠠᠵᠢᠯᠯᠠᠭ᠎ᠠ ᠶᠢ ᠪᠦᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠣᠰ ᠤᠳᠠᠭᠠᠨ ᠤ ᠲᠤᠰᠬᠠᠢ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠰᠢ ᠶᠠᠰᠢ ᠥᠩᠭᠡᠷᠡᠭᠦᠯᠬᠦ ᠦᠭᠡᠢ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠱᠠᠭᠠᠷᠳᠠᠯᠭ᠎ᠠ ᠪᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠶᠣᠰᠣᠭᠠᠷ ᠡᠯ᠎ᠡ ᠵᠦᠢᠯ ᠤᠨ ᠠᠵᠢᠯ ᠤᠨ ᠡᠭᠦᠷᠭᠡ ᠪᠠᠨ ᠦᠨᠡᠨ ᠬᠦ ᠪᠡᠶᠡᠯᠡᠭᠦᠯᠬᠦ ᠬᠡᠷᠡᠭᠲᠡᠢ᠃ ᠨᠠᠷᠢᠨ ᠬᠢᠨᠠᠮᠠᠭᠠᠢ ᠪᠥᠬᠦ ᠲᠠᠯ᠎ᠠ ᠪᠠᠷ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠵᠤ᠂ ᠬᠠᠤᠯᠢᠴᠢ ᠵᠢᠴᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠤᠷᠣᠨ ᠰᠠᠨᠠᠭ᠎ᠠ ᠲᠠᠢ ᠪᠠᠷ ᠳᠠᠭᠠᠭᠠᠴᠢᠯᠠᠯᠲᠠ ᠥᠷᠢᠰᠦᠯᠳᠦᠬᠦ᠂ ᠳᠣᠣᠷ᠎ᠠ ᠦᠨ᠎ᠡ ᠪᠠᠷ ᠥᠷᠢᠰᠦᠯᠳᠦᠬᠦ᠂ ᠲᠣᠭᠲᠠᠭᠠᠯ ᠠᠴᠠ ᠵᠥᠷᠢᠴᠡᠨ ᠬᠡᠷᠡᠭ ᠬᠦᠯᠢᠶᠡᠨ ᠠᠪᠤᠭᠰᠠᠨ ᠵᠡᠷᠭᠡ ᠪᠠᠶᠢᠳᠠᠯ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠬᠡᠷᠡᠭᠲᠡᠢ᠃ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠬᠠᠤᠯᠢᠴᠢ ᠶᠢᠨ ᠠᠵᠢᠯ ᠡᠷᠬᠢᠯᠡᠬᠦ ᠬᠠᠮᠢᠶᠠᠷᠤᠯᠲᠠ ᠶᠢᠨ ᠳᠦᠷᠢᠮ ᠪᠠ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠥᠬᠦ ᠰᠢᠶᠠᠨ ᠤ ᠬᠠᠤᠯᠢᠴᠢ ᠶᠢᠨ ᠡᠩᠨᠡᠭᠡ ᠶᠢᠨ ᠵᠢᠷᠤᠮᠵᠢᠭᠤᠨ ᠠᠵᠢᠯ ᠡᠷᠬᠢᠯᠡᠬᠦ ᠶᠢ ᠠᠬᠢᠭᠤᠯᠬᠤ ᠬᠡᠷᠡᠭᠲᠡᠢ ᠭᠡᠵᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号