ᠮᠧᠨ ᠲᠧᠦ ᠭᠧᠦ ᠲᠣᠭᠤᠷᠢᠭ ᠤᠨ ᠤᠳᠤᠷᠢᠳᠤᠯᠭ᠎ᠠ ᠦᠴᠦᠸᠠᠨ ᠰᠢᠶᠠᠨ ᠳᠤ ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/24
     6 ᠰᠠᠷ᠎ᠠ ᠶᠢᠨ 18 ᠤ ᠡᠳᠦᠷ᠂ ᠪᠡᠭᠡᠵᠢᠩ ᠬᠤᠲᠠ ᠶᠢᠨ ᠮᠧᠨ ᠲᠧᠦ ᠭᠧᠦ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢᠦᠢ ᠴᠧᠨ ᠹᠧᠢ ᠪᠦᠯᠬᠦᠮ ᠳᠠᠭᠠᠭᠤᠯᠤᠨ ᠦᠴᠦᠸᠠᠨ ᠰᠢᠶᠠᠨ ᠳᠤ ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠲᠤᠬᠠᠢ ᠵᠣᠯᠭᠠᠭᠤᠯᠤᠨ ᠪᠠᠶᠢᠴᠠᠭᠠᠨ ᠰᠤᠳᠤᠯᠤᠯᠲᠠ ᠬᠢᠵᠦ᠂ ᠬᠥᠬᠡᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠸᠠᠩ ᠺᠦᠨ ᠵᠢᠴᠢ ᠦᠴᠦᠸᠠᠨ ᠰᠢᠶᠠᠨ ᠤ ᠬᠠᠮᠢᠶ᠎ᠠ ᠪᠦᠬᠦᠢ ᠤᠳᠤᠷᠢᠳᠤᠯᠭ᠎ᠠ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠦᠴᠦᠸᠠᠨ ᠰᠢᠶᠠᠨ ᠤ ᠤᠳᠤᠷᠢᠳᠤᠯᠭ᠎ᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠵᠤ᠂ ᠮᠧᠨ ᠲᠧᠦ ᠭᠧᠦ ᠲᠣᠭᠤᠷᠢᠭ ᠤᠨ ᠤᠯᠠᠨ ᠵᠢᠯ ᠤᠨ ᠲᠤᠷᠰᠢ ᠦᠴᠦᠸᠠᠨ ᠰᠢᠶᠠᠨ ᠤ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃      ᠸᠠᠩ ᠺᠦᠨ ᠬᠥᠬᠡᠬᠤᠲᠠ ᠶᠢᠨ ᠡᠮᠦᠨ᠎ᠡ ᠠᠴᠠ ᠪᠡᠭᠡᠵᠢᠩ ᠬᠤᠳᠠ ᠶᠢᠨ ᠮᠧᠨ ᠲᠧᠦ ᠭᠧᠦ ᠲᠣᠭᠤᠷᠢᠭ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠦᠷᠴᠦ ᠢᠷᠡᠭᠰᠡᠨ ᠢ ᠬᠠᠯᠠᠭᠤᠨ ᠢᠶᠠᠷ ᠤᠭᠲᠤᠵᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ᠂ ᠮᠧᠨ ᠲᠧᠦ ᠭᠧᠦ ᠲᠣᠭᠤᠷᠢᠭ ᠲᠤ ᠦᠴᠦᠸᠠᠨ ᠰᠢᠶᠠᠨ ᠢ ᠬᠠᠪᠰᠤᠷᠤᠨ ᠲᠡᠳᠬᠦᠭᠰᠡᠨ ᠲᠤᠯᠤᠭᠠᠨ ᠵᠢᠯ ᠤᠨ ᠲᠤᠷᠰᠢ᠂ ᠬᠤᠶᠠᠷ ᠲᠠᠯ᠎ᠠ ᠪᠠᠷ ᠢᠶᠠᠨ ᠲᠤᠰ ᠪᠡᠶ᠎ᠡ ᠶᠢᠨ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ︽ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠵᠠᠬ᠎ᠠ ᠳᠡᠯᠭᠡᠭᠦᠷ ᠢ ᠬᠠᠮᠲᠤᠪᠠᠷ ᠪᠠᠶᠢᠭᠤᠯᠬᠤ᠂ ᠬᠠᠮᠲᠤᠷᠠᠯᠴᠠᠵᠤ ᠬᠠᠮᠲᠤᠪᠠᠷ ᠠᠰᠢᠭ ᠬᠦᠷᠳᠡᠬᠦ︾ ᠬᠠᠮᠵᠢᠯᠴᠠᠭᠠᠨ ᠤ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠦᠢᠯᠡᠰ ᠤᠨ ᠬᠥᠭᠵᠢᠯᠲᠡ᠂ ᠬᠡᠷᠡᠭᠯᠡᠭᠡ ᠪᠠᠷ ᠬᠠᠪᠰᠤᠷᠤᠨ ᠲᠡᠳᠬᠦᠬᠦ᠂ ᠴᠢᠳᠠᠪᠤᠷᠢᠲᠠᠨ ᠤ ᠰᠣᠯᠢᠯᠴᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠬᠤ ᠵᠡᠷᠭᠡ ᠤᠯᠠᠨ ᠬᠦᠷᠢᠶᠡᠨ ᠳᠤ ᠦᠨᠡᠨ ᠪᠣᠳᠠᠲᠠᠢ ᠦᠷ᠎ᠡ ᠪᠦᠲᠦᠮᠵᠢ ᠣᠯᠵᠠᠢ᠃ ᠬᠤᠶᠠᠷ ᠲᠠᠯ᠎ᠠ ᠪᠠᠷ ᠢᠶᠠᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠪᠠᠶᠢᠭᠤᠯᠬᠤ ᠲᠠᠯ᠎ᠠ ᠪᠠᠷ ᠬᠠᠮᠲᠤ ᠪᠠᠷ ᠬᠦᠴᠦᠯᠡᠵᠦ᠂ ᠭᠠᠷ ᠬᠤᠯᠪᠣᠯᠴᠠᠨ ᠵᠡᠷᠭᠡ ᠪᠠᠷ ᠤᠷᠤᠭᠰᠢᠯᠠᠵᠤ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ᠂ ᠨᠡᠩ ᠥᠨᠳᠥᠷ ᠲᠦᠪᠰᠢᠨ ᠳᠤ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃      ᠯᠢᠦᠢ ᠴᠧᠨ ᠹᠧᠢ ᠬᠤᠶᠠᠷ ᠭᠠᠵᠠᠷ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠣᠯᠣᠭᠰᠠᠨ ᠠᠮᠵᠢᠯᠲᠠ ᠶᠢ ᠭᠦᠢᠴᠡᠳ ᠨᠤᠲᠠᠯᠠᠭᠰᠠᠨ ᠤ ᠬᠠᠮᠲᠤ᠂ ᠨᠢᠳᠤᠨᠤᠨ ᠤ ᠮᠧᠨ ᠲᠧᠦ ᠭᠧᠦ ᠲᠣᠭᠤᠷᠢᠭ ᠬᠠᠶᠢᠾᠧ ᠭᠤᠣᠯ ᠤᠨ ︽23 · 7︾ ᠰᠠᠪᠠ ᠭᠠᠵᠠᠷ ᠤᠨ ᠴᠢᠨᠠᠷᠲᠠᠢ ᠣᠨᠴᠠ ᠶᠡᠭᠡ ᠦᠶᠡᠷ ᠲᠤ ᠤᠴᠠᠷᠠᠭᠰᠠᠨ ᠤ ᠳᠠᠷᠠᠭ᠎ᠠ᠂ ᠬᠥᠬᠡᠬᠤᠲᠠ ᠪᠣᠯᠣᠨ ᠦᠴᠦᠸᠠᠨ ᠰᠢᠶᠠᠨ ᠤ ᠬᠠᠮᠤᠭ ᠤᠨ ᠲᠡᠷᠢᠭᠦᠨ ᠳᠤ ᠮᠧᠨ ᠲᠧᠦ ᠭᠧᠦ ᠳᠤ ᠲᠤᠰᠠᠯᠠᠭᠰᠠᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠡᠭᠦᠨ ᠤ ᠬᠠᠮᠲᠤ᠂ ᠮᠧᠨ ᠲᠧᠦ ᠭᠧᠦ ᠲᠣᠭᠤᠷᠢᠭ ᠤᠨ ᠬᠢᠨ ᠨᠡᠩ ᠶᠡᠭᠡ ᠡᠷᠴᠢᠮ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠬᠤᠶᠠᠷ ᠭᠠᠵᠠᠷ ᠤᠨ ᠬᠠᠮᠲᠤᠷᠠᠯᠴᠠᠭ᠎ᠠ ᠰᠣᠯᠢᠯᠴᠠᠭᠠᠨ ᠤ ᠬᠦᠷᠢᠶ᠎ᠡ ᠶᠢ ᠴᠢᠨᠠᠭᠰᠢᠳᠠ ᠥᠷᠭᠡᠳᠬᠡᠵᠦ᠂ ᠨᠡᠩ ᠰᠢᠯᠢᠳᠡᠭ ᠲᠣᠭᠲᠠᠴᠠ ᠪᠠᠷ ᠬᠤᠣᠰᠯᠠᠨ ᠬᠠᠮᠵᠢᠯᠴᠠᠬᠤ ᠠᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠮᠵᠢᠯᠲᠠ ᠪᠦᠲᠦᠮᠵᠢ ᠶᠢ ᠲᠠᠰᠤᠷᠠᠯᠲᠠ ᠦᠭᠡᠢ ᠡᠭᠦᠳᠴᠦ᠂ ᠬᠤᠶᠠᠷ ᠭᠠᠵᠠᠷ ᠤᠨ ᠥᠨᠳᠥᠷ ᠲᠦᠪᠰᠢᠨ ᠪᠦᠬᠦᠢ ᠬᠠᠮᠵᠢᠯᠴᠠᠭᠠᠨ ᠤ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠨ᠎ᠡ ᠭᠡᠵᠦ ᠢᠯᠡᠳᠬᠡᠪᠡ᠃       ᠬᠤᠷᠠᠯ ᠤᠨ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠳᠡᠭᠡᠷ᠎ᠡ ᠲᠣᠬᠤᠢ ᠰᠢᠶᠠᠩ ᠤᠨ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ ᠬᠦᠷᠢᠶᠡᠯᠡᠩ ᠪᠣᠯᠣᠨ ᠶᠢᠨ ᠰᠠᠨ ᠵᠢᠶᠣᠣ ᠬᠦᠷᠢᠶᠡᠯᠡᠩ ᠲᠣᠭᠤᠷᠢᠭ ᠲᠤ ᠬᠦᠷᠴᠦ᠂ 2024 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠤ ᠦᠢᠯᠡᠰ ᠤᠨ ᠲᠦᠷᠦᠯ ᠵᠦᠢᠯ ᠪᠣᠯᠣᠨ ᠬᠢᠲᠠᠳ ᠡᠮ ᠤᠨ ᠮᠠᠲ᠋ᠧᠷᠢᠶᠠᠯ ᠢ ᠡᠳ᠋ᠰᠢᠭᠦᠯᠬᠦ ᠲᠦᠷᠦᠯ ᠵᠦᠢᠯ ᠢ ᠪᠠᠶᠢᠴᠠᠭᠠᠨ ᠰᠤᠳᠤᠯᠤᠭᠰᠠᠨ ᠪᠥᠭᠡᠳ ᠳᠡᠭᠡᠷ᠎ᠡ ᠲᠣᠬᠤᠢ ᠰᠢᠶᠠᠩ ᠤᠨ ᠬᠢᠨᠠᠨ ᠬᠡᠮᠵᠢᠬᠦ ᠡᠷᠦᠬᠡ ᠶᠢ ᠪᠣᠯᠭᠤᠭᠠᠨ ᠲᠣᠬᠤᠨᠢᠭᠤᠯᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号