ᠲᠤᠭ᠎ᠠ ᠪᠠᠷᠢᠮᠲᠠ ᠶᠢ ᠲᠣᠬᠢᠷᠠᠭᠤᠯᠬᠤ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/6/24
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄    ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠪᠦᠲᠦᠮᠵᠢᠲᠡᠶ ᠠᠰᠢᠭᠯᠠᠬᠤ ᠪᠠ ᠥᠨᠳᠥᠷ ᠪᠦᠲᠦᠮᠵᠢᠲᠡᠶ ᠪᠠᠷ ᠲᠣᠬᠢᠷᠠᠭᠤᠯᠬᠤ ᠶᠢ ᠦᠨᠡᠨᠬᠦ ᠪᠠᠲᠤᠯᠠᠵᠤ᠂ ᠵᠠᠰᠠᠭ ᠤᠨ ᠣᠷᠳᠣᠨ ᠤ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠬᠦ᠂ ᠵᠠᠳᠠᠯᠬᠤ ᠪᠠ ᠬᠡᠷᠡᠭᠯᠡᠬᠦ ᠶᠢ ᠴᠢᠩᠭᠠᠳᠬᠠᠨ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ ᠪᠠ ᠨᠠᠷᠢᠯᠢᠭ ᠣᠨᠣᠴᠠᠲᠠᠢ ᠴᠢᠨᠠᠷ ᠢ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠡᠷᠡᠭᠦᠯ ᠢᠶᠠᠷ ᠠᠵᠢᠯᠯᠠᠬᠤ ᠶᠢ ᠠᠬᠢᠭᠤᠯᠬᠤ ᠶᠢᠨ ᠲᠥᠯᠥᠭᠡ᠂ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠠᠷᠢᠮᠲᠠ ᠶᠢ ᠲᠣᠬᠢᠷᠠᠭᠤᠯᠬᠤ ᠠᠵᠢᠯ ᠤᠨ ᠲᠣᠭᠲᠠᠴᠠ ᠶᠢ ᠲᠣᠭᠲᠠᠭᠠᠪᠠ᠃    ᠨᠢᠭᠡ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ    ᠡᠯ᠎ᠡ ᠰᠢᠶᠠᠩ ᠪᠠᠯᠭᠠᠰᠤ᠂ ᠰᠠᠯᠠᠭ᠎ᠠ ᠮᠥᠴᠢᠷ ᠤᠳ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠵᠥᠪ ᠣᠨᠣᠪᠴᠢᠲᠠᠶ ᠠᠵᠢᠯ ᠤᠨ ᠠᠮᠵᠢᠯᠲᠠ ᠶᠢᠨ ᠦᠵᠡᠯᠲᠡ ᠶᠢ ᠪᠣᠶ ᠪᠣᠯᠭᠠᠨ ᠦᠢᠯᠡᠳᠦᠯᠭᠡᠵᠢᠭᠦᠯᠵᠦ᠂ ᠲᠤᠭ᠎ᠠ ᠪᠦᠷᠢᠳᠬᠡᠯ ᠤᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠨ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠥᠪ ᠴᠢᠩᠭ᠎ᠠ ᠴᠢᠨᠠᠷ ᠪᠠ ᠡᠷᠬᠡ ᠰᠦᠷᠲᠦ ᠴᠢᠨᠠᠷ ᠢ ᠬᠠᠮᠠᠭᠠᠯᠠᠵᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠢ ᠳᠡᠮᠵᠢᠨ ᠬᠠᠮᠵᠢᠯᠴᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠤᠭ᠎ᠠ ᠪᠦᠷᠢᠳᠬᠡᠯ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠣᠨᠣᠪᠴᠢᠲᠠᠶ᠂ ᠪᠦᠷᠢᠨ ᠪᠦᠲᠦᠨ ᠴᠠᠭ ᠲᠤᠬᠠᠢ ᠳᠤᠨᠢ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠲᠤᠰᠬᠠᠬᠤ ᠶᠢ ᠪᠠᠲᠤᠯᠠᠬᠤ ᠬᠡᠷᠡᠭᠲᠡᠢ᠃    1. ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠪᠦᠬᠦ ᠰᠢᠶᠠᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠬᠤ ᠶᠢ ᠬᠠᠷᠢᠭᠤᠴᠠᠵᠤ᠂ ᠠᠵᠤ ᠠᠬᠤᠢ ᠶᠢᠨ ᠭᠤᠣᠯ ᠭᠦᠢᠴᠡᠳᠬᠡᠯ ᠲᠤᠭ᠎ᠠ ᠳᠤ ᠤᠷᠢᠳᠴᠢᠯᠠᠨ ᠰᠡᠷᠡᠮᠵᠢᠯᠡᠭᠦᠯᠵᠦ ᠲᠣᠬᠢᠷᠠᠭᠤᠯᠬᠤ ᠶᠢ ᠬᠡᠷᠡᠭᠵᠢᠭᠦᠯᠬᠦ ᠬᠡᠷᠡᠭᠲᠡᠢ᠃    2. ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠲᠣᠰ ᠬᠦᠷᠢᠶᠡᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠵᠡᠷᠭᠡ ᠶᠢᠨ ᠲᠣᠭᠤᠷᠢᠨ ᠳᠤ ᠬᠤᠷᠢᠶᠠᠩᠭᠤᠶᠢᠯᠠᠨ ᠵᠠᠳᠠᠯᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ᠂ ᠠᠰᠠᠭᠤᠳᠠᠯ ᠵᠢᠴᠢ ᠰᠢᠯᠲᠠᠭᠠᠨ ᠢ ᠰᠤᠳᠤᠯᠤᠨ ᠮᠠᠭᠠᠳᠯᠠᠬᠤ ᠶᠢᠨ ᠬᠠᠮᠲᠤ ᠪᠣᠳᠠᠲᠠᠢ ᠠᠵᠢᠯ ᠤᠨ ᠪᠠᠶᠢᠳᠠᠯ ᠢᠶᠠᠨ ᠦᠨᠳᠦᠰᠦᠯᠡᠨ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ ᠠᠵᠤ ᠠᠬᠤᠶᠢᠯᠠᠯ ᠳᠤ ᠴᠢᠭᠯᠡᠭᠦᠯᠦᠨ ᠲᠥᠷᠥᠯ ᠬᠤᠪᠢᠶᠠᠨ ᠵᠢᠯᠣᠭᠤᠳᠴᠤ᠂ ᠪᠥᠬᠦ ᠰᠢᠶᠠᠨ ᠤ ᠠᠵᠤ ᠠᠬᠤᠢ ᠶᠢᠨ ᠠᠵᠢᠯᠯᠠᠭᠠᠨ ᠤ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠰᠠᠯᠠᠭ᠎ᠠ ᠮᠥᠴᠢᠷ ᠤᠳ ᠲᠤᠰᠬᠠᠢ ᠲᠤᠰᠢᠶᠠᠯ ᠤᠨ ᠪᠤᠶᠤ ᠲᠤᠰᠢᠶᠠᠯ ᠬᠠᠪᠰᠤᠷᠭᠠᠭᠰᠠᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠤᠨ ᠪᠠᠶᠢᠷᠢ ᠭᠠᠷᠭᠠᠵᠤ᠂ ᠠᠵᠢᠯᠲᠠᠨ ᠢ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠲᠤᠯᠠᠭ᠎ᠠ ᠶᠢ ᠪᠣᠳᠠᠲᠠᠶᠢᠵᠢᠭᠤᠯᠵᠤ᠂ ᠡᠯ᠎ᠡ ᠵᠦᠢᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠭᠦᠷᠭᠡ ᠶᠢᠨ ᠬᠡᠪ ᠤᠨ ᠶᠣᠰᠣᠭᠠᠷ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠢ᠃    3. ᠡᠯ᠎ᠡ ᠰᠢᠶᠠᠨᠩ ᠪᠠᠯᠭᠠᠰᠤ ᠲᠤᠭ᠎ᠠ ᠪᠦᠷᠢᠳᠬᠡᠯ ᠤᠨ ᠠᠵᠢᠯ ᠤᠨ ︽ᠨᠠᠢᠮᠠ ᠪᠠᠶᠢᠬᠤ ᠨᠠᠢᠮᠠᠵᠢᠭᠤᠯᠬᠤ︾ ᠱᠠᠭᠠᠷᠳᠠᠯᠭ᠎ᠠ ᠶᠣᠰᠣᠭᠠᠷ᠂ ᠰᠢᠶᠠᠨᠩ ᠪᠠᠯᠭᠠᠰᠤ ᠳᠤ ᠨᠠᠭᠠᠲᠤ ᠵᠠᠬ᠎ᠠ ᠳᠠᠭᠠᠨ ᠨᠢᠭᠡ ᠲᠤᠰᠬᠠᠢ ᠲᠤᠭ᠎ᠠ ᠪᠦᠷᠢᠳᠬᠡᠯ ᠤᠨ ᠪᠠᠶᠢᠴᠠᠭᠠᠬᠤ ᠠᠵᠢᠯᠲᠠᠨ ᠲᠣᠬᠢᠷᠠᠭᠤᠯᠵᠤ᠂ ᠴᠢᠬᠤᠯᠠ ᠪᠦᠬᠦᠢ ᠠᠵᠢᠯᠯᠠᠬᠤ ᠭᠠᠵᠠᠷ ᠪᠠ ᠲᠥᠬᠦᠭᠡᠷᠦᠮᠵᠢ ᠶᠢ ᠬᠠᠩᠭᠠᠬᠤ ᠬᠡᠷᠡᠭᠲᠡᠢ᠃ ᠰᠢᠶᠠᠩ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠨᠢ ᠲᠤᠭ᠎ᠠ ᠪᠦᠷᠢᠳᠬᠡᠯ ᠤᠨ ᠠᠵᠢᠯᠲᠠᠨ ᠤ ᠬᠠᠷᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠵᠤ᠂ ᠠᠵᠢᠯᠲᠠᠨ ᠤ ᠬᠤᠪᠢᠷᠠᠯᠲᠠ ᠳᠤ ᠰᠢᠶᠠᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠰᠠᠨᠠᠯ ᠢ ᠬᠤᠷᠢᠶᠠᠬᠤ ᠬᠡᠷᠡᠭᠲᠡᠢ᠃ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯᠲᠠᠨ ᠤ ᠪᠣᠯᠪᠠᠰᠤᠷᠠᠭᠤᠯᠤᠯ ᠵᠢᠯᠣᠭᠤᠳᠤᠯᠭ᠎ᠠ ᠪᠠᠨ ᠴᠢᠩᠭᠠᠳᠬᠠᠵᠤ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃    ᠬᠤᠶᠠᠷ᠂ ᠠᠵᠢᠯ ᠤᠨ ᠱᠠᠭᠠᠷᠳᠠᠯᠭ᠎ᠠ    ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ    ᠠᠵᠤ ᠠᠬᠤᠢ ᠶᠢᠨ ᠠᠵᠢᠯᠯᠠᠭᠠᠨ ᠤ ᠠᠵᠢᠯ ᠤᠨ ᠶᠡᠷᠦᠩᠬᠡᠶᠢᠯᠡᠨ ᠡᠵᠡᠮᠳᠡᠬᠦ ᠪᠠ ᠵᠣᠬᠢᠴᠠᠭᠤᠯᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠪᠦᠷᠢᠯᠳᠦᠭᠦᠨ ᠨᠢᠭᠡᠴᠢ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠬᠠᠷᠢᠭᠤᠴᠠᠯᠭ᠎ᠠ ᠶᠢᠨ ᠭᠤᠣᠯ ᠴᠣᠭᠴᠠ ᠶᠢ ᠪᠠᠶᠢᠭᠤᠯᠵᠤ᠂ ᠡᠯ᠎ᠡ ᠰᠢᠶᠠᠩ ᠪᠠᠯᠭᠠᠰᠤ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠦᠴᠦ ᠪᠠᠨ ᠬᠠᠮᠲᠤᠳᠬᠠᠨ ᠬᠠᠮᠵᠢᠯᠴᠠᠵᠤ᠂ ᠵᠣᠯᠭᠠᠭᠤᠯᠤᠨ ᠬᠠᠮᠵᠢᠯᠴᠠᠬᠤ ᠶᠢ ᠴᠢᠩᠭᠠᠳᠬᠠᠨ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ᠂ ᠦᠢᠯᠡᠴᠢᠯᠡᠭᠡᠨ ᠤ ᠶᠠᠰᠤ ᠴᠢᠨᠠᠷ ᠪᠠ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠢ᠃    ︵ᠬᠤᠶᠠᠷ︶ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠵᠣᠬᠢᠶᠠᠬᠤ ᠶᠢ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ    ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠵᠣᠬᠢᠶᠠᠬᠤ ᠶᠢ ᠰᠡᠷᠭᠡᠶᠢᠯᠡᠨ ᠵᠠᠰᠠᠬᠤ ᠲᠤᠬᠠᠢ ᠴᠢᠬᠤᠯᠠ ᠶᠠᠷᠢᠶ᠎ᠠ ᠪᠣᠯᠣᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠢᠯ ᠲᠥᠷᠥᠯ ᠢ ᠬᠠᠮᠢᠶᠠᠷᠬᠤ ᠲᠤᠬᠠᠶᠢᠯᠠᠭᠰᠠᠨ ᠠᠵᠢᠯ ᠢ ᠡᠷᠬᠡᠪᠰᠢ ᠲᠤᠭ᠎ᠠ ᠪᠦᠷᠢᠳᠬᠡᠯ ᠲᠤᠭ᠎ᠠ ᠪᠠᠷᠢᠮᠲᠠ ᠶᠢ ᠬᠠᠮᠢᠶᠠᠷᠬᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠮᠢᠶᠠᠷᠬᠤ ᠱᠠᠭᠠᠷᠳᠠᠯᠭ᠎ᠠ ᠶᠣᠰᠣᠭᠠᠷ᠂ ᠲᠣᠰ ᠭᠠᠵᠠᠷ ᠣᠷᠣᠨ ᠪᠣᠯᠣᠨ ᠭᠤᠣᠯᠴᠢᠯᠠᠨ ᠬᠠᠮᠢᠶᠠᠷᠬᠤ ᠠᠵᠢᠯ ᠲᠥᠷᠥᠯ ᠤᠨ ᠲᠤᠭ᠎ᠠ ᠪᠦᠷᠢᠳᠬᠡᠯ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠮᠢᠶᠠᠷᠬᠤ ᠱᠠᠭᠠᠷᠳᠠᠯᠭ᠎ᠠ ᠶᠢ ᠦᠨᠡᠨᠬᠦ ᠴᠢᠩᠭᠠᠳᠬᠠᠵᠤ᠂ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠯᠲᠠ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠤᠨ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠯᠲᠠ ᠬᠢᠭᠡᠳ ᠪᠤᠰᠤᠳ ᠬᠢᠨᠠᠯᠲᠠ ᠲᠠᠯᠪᠢᠯᠲᠠ ᠶᠢᠨ ᠨᠡᠪᠲᠡᠷᠡᠯᠴᠡᠨ ᠬᠠᠮᠵᠢᠯᠴᠠᠬᠤ ᠶᠢ ᠲᠦᠯᠬᠢᠨ ᠠᠬᠢᠭᠤᠯᠵᠤ᠂ ᠰᠢᠰᠲ᠋ᠧᠮ ᠨᠢ ᠪᠦᠷᠢᠨ ᠪᠦᠲᠦᠨ᠂ ᠬᠠᠮᠵᠢᠯᠴᠠᠭ᠎ᠠ ᠨᠢ ᠥᠨᠳᠥᠷ ᠪᠦᠲᠦᠮᠵᠢᠲᠡᠶ᠂ ᠬᠢᠵᠠᠭᠠᠷᠯᠠᠯ ᠨᠢ ᠬᠦᠴᠦᠲᠡᠢ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ︽ᠭᠦᠢᠴᠡᠳᠬᠡᠯ ᠲᠤᠭ᠎ᠠ ᠪᠠᠭᠤᠯᠭᠠᠬᠤ︾᠂ ︽ᠡᠭᠦᠷᠭᠡ ᠶᠢᠨ ᠵᠠᠳᠠᠯᠤᠯᠲᠠ︾ ᠵᠡᠷᠭᠡ ᠠᠰᠠᠭᠤᠳᠠᠯ ᠢ ᠡᠷᠡᠰ ᠬᠤᠷᠢᠭᠯᠠᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠪᠤᠰᠤᠳᠴᠢ ᠪᠥᠭᠡᠳ ᠦᠨᠡᠨ ᠪᠣᠳᠠᠲᠠᠢ ᠲᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠢ᠃                           ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                   2024 ᠣᠨ ᠤ 6 ᠰᠠᠷ᠎ᠠ ᠶᠢᠨ 21 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号