ᠲᠥᠪ ᠤᠨ ᠡᠳ᠋ ᠤᠨ ᠵᠠᠰᠠᠭ ᠠᠴᠠ ᠮᠠᠨ ᠤ ᠣᠷᠣᠨ ᠳᠤ 56 ᠳ᠋ᠦᠡᠭᠰᠢᠭᠤᠷ ᠭᠠᠷᠤᠢ ᠲᠥᠭᠦᠷᠢᠭ ᠤᠨ ᠨᠥᠬᠦᠪᠦᠷᠢ ᠮᠥᠩᠭᠦ ᠪᠠᠭᠤᠯᠭᠠᠪᠠ
ᠨᠡᠶᠢᠲᠡᠯᠡᠭᠰᠡᠨ ᠴᠠᠭ᠄
2024/6/24
     ᠡᠨᠡ ᠵᠢᠯ ᠲᠥᠪ ᠤᠨ ᠡᠳ᠋ ᠤᠨ ᠵᠠᠰᠠᠭ ᠠᠴᠠ ᠮᠠᠨ ᠤ ᠣᠷᠣᠨ ᠤ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ 56.33 ᠳ᠋ᠦᠩᠰᠢᠭᠤᠷ ᠲᠥᠭᠦᠷᠢᠭ   ᠤᠨ ᠨᠥᠬᠦᠪᠦᠷᠢ ᠮᠥᠩᠭᠦ ᠪᠠᠭᠤᠯᠭᠠᠵᠤ᠂ ᠨᠢᠳᠤᠨᠤᠨ ᠤ ᠬᠢ ᠠᠴᠠ 1.27 ᠳ᠋ᠦᠩᠰᠢᠭᠤᠷ ᠲᠥᠭᠦᠷᠢᠭ ᠨᠡᠮᠡᠭᠳᠡᠪᠡ᠃      ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠲᠠᠢ ᠨᠡᠪᠲᠡᠷᠡᠯᠴᠡᠭᠡ ᠵᠣᠯᠭᠠᠯᠴᠠᠭ᠎ᠠ ᠶᠢ ᠢᠳᠡᠪᠬᠢᠲᠡᠢ ᠰᠠᠶᠢᠲᠤᠷ ᠥᠷᠨᠢᠭᠦᠯᠵᠦ᠂ ᠲᠥᠪ ᠤᠨ ᠥᠪᠡᠷᠲᠡᠭᠡᠨ ᠵᠠᠰᠠᠬᠤ ᠣᠷᠣᠨ ᠤ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠮᠥᠩᠭᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ︽ᠣᠷᠣᠯᠭ᠎ᠠ ᠪᠠᠭ᠎ᠠ ᠲᠠᠢ ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ ᠬᠡᠮᠵᠢᠬᠦ ᠶᠢ ᠴᠢᠩᠭᠠᠳᠬᠠᠵᠤ ᠲᠠᠰ ᠲᠥᠷᠥᠯ ᠬᠤᠪᠢᠶᠠᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠲᠤᠬᠠᠢ ᠰᠠᠨᠠᠯ︾ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠪᠠ᠃ ᠤᠳᠤ ᠪᠤᠯᠲᠠᠯ᠎ᠠ᠂ ᠮᠠᠨ ᠤ ᠣᠷᠣᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠤᠨ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠮᠥᠩᠭᠦ ᠶᠢ ᠨᠡᠶᠢᠲᠡ 74.42 ᠳ᠋ᠦᠩᠰᠢᠭᠤᠷ ᠲᠥᠭᠦᠷᠢᠭ︵ᠡᠭᠦᠨ ᠳᠤ᠂ ᠲᠥᠪ ᠤᠨ ᠡᠳ᠋ ᠤᠨ ᠵᠠᠰᠠᠭ ᠠᠴᠠ 56.33 ᠳ᠋ᠦᠩᠰᠢᠭᠤᠷ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ 18.09 ᠳ᠋ᠦᠩᠰᠢᠭᠤᠷ ᠲᠥᠭᠦᠷᠢᠭ︶ ᠪᠠᠭᠤᠯᠭᠠᠵᠤ᠂  ᠪᠦᠭᠦ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ 167 ᠲᠦᠮᠡᠨ ᠡᠲᠡᠭᠡᠳ᠂ ᠣᠨᠴᠠ ᠬᠦᠴᠢᠷᠳᠡᠯᠲᠡᠢ ᠬᠥᠮᠥᠰ᠂ ᠥᠨᠥᠴᠢᠨ ᠬᠡᠦᠬᠡᠳ ᠪᠠ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠦᠨᠳᠦᠰᠦᠨ ᠠᠮᠢᠳᠤᠷᠠᠯ ᠢ ᠬᠦᠴᠦᠲᠡᠢ ᠪᠠᠲᠤᠯᠠᠵᠤ᠂ ᠣᠨᠴᠠ ᠬᠦᠴᠢᠷᠳᠡᠯᠲᠡᠢ ᠬᠥᠮᠥᠰ ᠵᠢᠴᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠢ ᠲᠦᠷ ᠴᠠᠭ ᠠᠪᠤᠷᠠᠨ ᠲᠤᠰᠠᠯᠠᠵᠤ᠂ ᠠᠪᠤᠷᠠᠨ ᠲᠤᠰᠠᠯᠠᠬᠤ ᠨᠥᠬᠦᠪᠦᠷᠢ ᠮᠥᠩᠭᠦ ᠶᠢᠨ ︽ᠪᠠᠴᠢᠮ ᠬᠦᠴᠢᠷᠳᠡᠯ ᠢ ᠠᠪᠤᠷᠠᠬᠤ᠂ ︽ᠬᠤᠷᠢᠭ᠎ᠠ ᠱᠤᠭᠤᠮ ᠢ ᠪᠠᠲᠤᠯᠠᠬᠤ︾ ᠦᠢᠯᠡᠳᠦᠯ ᠢ ᠭᠦᠢᠴᠡᠳ ᠪᠠᠳᠠᠷᠠᠭᠤᠯᠪᠠ᠃      ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ ᠠᠴᠠ ᠡᠯ᠎ᠡ ᠭᠠᠵᠠᠷ ᠤᠨ ᠡᠳ᠋ ᠤᠨ ᠵᠠᠰᠠᠭ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠨᠢᠭᠲᠠ ᠬᠠᠮᠵᠢᠯᠴᠠᠵᠤ᠂ ᠴᠠᠭ ᠲᠤᠬᠠᠢ ᠳᠤᠨᠢ ᠠᠰᠠᠭᠤᠳᠠᠯ ᠢ ᠢᠯᠡᠷᠡᠭᠦᠯᠦᠨ᠂ ᠠᠰᠠᠭᠤᠳᠠᠯ ᠢ ᠰᠢᠢᠳᠪᠦᠷᠢᠯᠡᠨ᠂ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠡᠷᠡᠭᠲᠡᠶ;  ︽ᠪᠠᠲᠤᠯᠠᠪᠠᠰᠤ ᠵᠣᠬᠢᠬᠤ ᠶᠢ ᠨᠢ ᠪᠦᠭᠦᠨ ᠢ ᠪᠠᠲᠤᠯᠠᠬᠤ᠂ ᠪᠤᠴᠠᠭᠠᠪᠠᠰᠤ ᠵᠣᠬᠢᠬᠤ ᠶᠢ ᠨᠢ ᠪᠦᠭᠦᠨ ᠢ ᠪᠤᠴᠠᠭᠠᠬᠤ︾ ᠵᠠᠷᠴᠢᠮ ᠶᠣᠰᠣᠭᠠᠷ᠂ ᠪᠠᠲᠤᠯᠠᠭ᠎ᠠ ᠶᠢᠨ ᠡᠲᠡᠭᠡᠳ ᠢ ᠲᠤᠶᠢᠯ ᠤᠨ ᠣᠨᠣᠪᠴᠢᠲᠠᠶ ᠪᠠᠷ ᠮᠠᠭᠠᠳᠯᠠᠨ ᠲᠣᠭᠲᠠᠭᠠᠬᠤ ᠠᠵᠢᠯ ᠢ ᠴᠢᠩᠭ᠎ᠠ ᠰᠠᠶᠢᠲᠤᠷ ᠬᠢᠬᠦ ᠭᠡᠷᠡᠭᠲᠡᠶ; ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠲᠤᠰᠠᠯᠠᠮᠵᠢ ᠶᠢᠨ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠡᠯᠡ ᠮᠥᠩᠭᠦ ᠶᠢ ᠰᠢᠩᠭᠡᠬᠡᠨ ᠠᠪᠬᠤ ᠡᠷᠴᠢᠮ ᠢ ᠴᠢᠩᠭᠠᠷᠠᠭᠤᠯᠤᠨ᠂ ᠲᠥᠰᠥᠪ ᠢ ᠬᠡᠷᠡᠭᠵᠢᠭᠦᠯᠬᠦ ᠠᠬᠢᠴᠠ ᠶᠢ ᠲᠦᠷᠭᠡᠳᠬᠡᠵᠦ᠂ ᠪᠡᠯᠡ ᠮᠥᠩᠭᠦ ᠶᠢᠨ ᠵᠠᠷᠤᠯᠭ᠎ᠠ ᠶᠢᠨ ᠪᠦᠲᠦᠴᠡ ᠶᠢ ᠤᠯᠠᠮ ᠰᠢᠯᠢᠳᠡᠭᠵᠢᠭᠦᠯᠦᠨ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠨᠠᠩ ᠰᠠᠶᠢᠨ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号