6 ᠰᠠᠷ᠎ᠠ ᠶᠢᠨ 24 ᠤ ᠡᠳᠦᠷ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ | ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠳᠤᠮᠳᠠᠳᠤ ᠤᠯᠤᠰ ᠤᠨ ᠴᠢᠯᠠᠭᠤᠨ ᠲᠣᠰᠣᠨ ᠤ ᠦᠴᠦᠸᠠᠨ ᠤ | ᠬᠠᠮᠢᠶᠠᠷᠤᠯᠲᠠ ᠶᠢᠨ ᠪᠦᠯᠬᠦᠮ ᠲᠠᠢ ᠬᠠᠮᠲᠤᠷᠠᠨ ᠳᠤᠮᠳᠠᠳᠤ ᠤᠯᠤᠰ ᠤᠨ ᠴᠢᠯᠠᠭᠤᠨ ᠲᠣᠰᠣᠨ ᠤ ᠦᠴᠦᠸᠠᠨ ᠤ | ᠬᠠᠮᠢᠶᠠᠷᠤᠯᠲᠠ ᠶᠢᠨ ᠪᠦᠯᠬᠦᠮ ᠤᠨ ᠠᠷᠪᠠᠳᠤᠭᠠᠷ ᠲᠣᠰᠣ ᠨᠡᠮᠡᠬᠦ ᠥᠷᠲᠡᠭᠡ ᠳᠤ ᠠᠶᠤᠯᠲᠠᠢ ᠬᠢᠮᠢ ᠶᠢᠨ ᠠᠵᠢᠯ | ᠲᠥᠷᠥᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠰᠣᠷᠢᠯᠲᠠ ᠬᠢᠪᠡ᠃ | ᠲᠣᠰ ᠤᠳᠠᠭᠠᠨ ᠤ ᠰᠣᠷᠢᠯᠲᠠ ᠳᠤ ᠲᠣᠰᠣ ᠨᠡᠮᠡᠬᠦ ᠲᠥᠬᠦᠭᠡᠷᠦᠮᠵᠢ᠂ ᠲᠣᠰᠣ ᠨᠡᠮᠡᠬᠦ ᠲᠡᠷᠭᠡᠨ ᠤ ᠲᠣᠰᠣᠨ | ᠬᠠᠶᠢᠷᠴᠠᠭ ᠪᠠ ᠲᠣᠰᠣ ᠬᠠᠳᠠᠭᠠᠯᠠᠬᠤ ᠰᠠᠪᠠ ᠳᠤ ᠭᠠᠯ ᠤᠨ ᠠᠶᠤᠯ ᠭᠠᠷᠴᠤ᠂ ᠡᠨᠡ ᠬᠦ ᠭᠡᠨᠡᠳᠲᠡ ᠶᠢᠨ ᠪᠠᠶᠢᠳᠠᠯ ᠢ | ᠰᠢᠢᠳᠪᠦᠷᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠥᠷᠨᠢᠭᠦᠯᠪᠡ᠃ ᠰᠣᠷᠢᠯᠲᠠ ᠨᠢ ᠳᠤᠮᠳᠠᠳᠤ | ᠤᠯᠤᠰ ᠤᠨ ᠴᠢᠯᠠᠭᠤᠨ ᠲᠣᠰᠣᠨ ᠤ ᠦᠴᠦᠸᠠᠨ ᠤ ᠬᠠᠮᠢᠶᠠᠷᠤᠯᠲᠠ ᠶᠢᠨ ᠪᠦᠯᠬᠦᠮ ᠤᠨ ᠪᠠᠴᠢᠮ ᠪᠠᠶᠢᠳᠠᠯ ᠢ ᠠᠷᠭᠠᠴᠠᠬᠤ | ᠶᠡᠷᠦᠩᠬᠡᠶᠢᠯᠡᠭᠰᠡᠨ ᠪᠡᠯᠡᠳᠬᠡᠯ ᠲᠥᠰᠥᠯ ᠤᠨ ᠰᠢᠨᠵᠢᠯᠡᠬᠦ ᠤᠬᠠᠭᠠᠨᠴᠢ ᠴᠢᠨᠠᠷ᠂ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ | ᠪᠣᠯᠬᠤᠶᠢᠴᠠ ᠴᠢᠨᠠᠷ ᠤᠨ ᠨᠢᠭᠡ ᠤᠳᠠᠭᠠᠨ ᠤ ᠰᠢᠯᠭᠠᠨ ᠪᠠᠶᠢᠴᠠᠭᠠᠯᠲᠠ ᠮᠥᠨ᠂ ᠨᠠᠩ ᠴᠤ ᠪᠠᠴᠢᠮ ᠪᠠᠶᠢᠳᠠᠯ ᠢ | ᠠᠷᠭᠠᠴᠠᠭᠠᠬᠤ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠤᠨ ᠪᠠᠴᠢᠮ ᠪᠠᠶᠢᠳᠠᠯ ᠳᠣᠣᠷ᠎ᠠ ᠬᠤᠯᠪᠤᠭᠠᠯᠠᠨ | ᠰᠡᠷᠭᠡᠶᠢᠯᠡᠵᠦ ᠬᠤᠯᠪᠤᠭᠠᠯᠠᠨ ᠡᠵᠡᠮᠳᠡᠵᠦ ᠬᠤᠯᠪᠤᠭᠠᠯᠠᠨ ᠬᠥᠳᠡᠯᠦᠯᠴᠡᠬᠦ ᠴᠢᠳᠠᠪᠤᠷᠢ ᠶᠢᠨ ᠪᠦᠬᠦ ᠲᠠᠯ᠎ᠠ ᠶᠢᠨ ᠰᠢᠯᠭᠠᠯᠲᠠ | ᠮᠥᠨ᠃ | | | | | | ᠰᠣᠷᠢᠯᠲᠠ ᠳᠠᠭᠤᠰᠤᠭᠰᠠᠨ ᠤ ᠳᠠᠷᠠᠭ᠎ᠠ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠶᠢᠨ | ᠠᠵᠢᠯᠲᠠᠳ ᠰᠣᠷᠢᠯᠲᠠ ᠶᠢᠨ ᠶᠠᠪᠤᠴᠠ ᠳᠤ ᠪᠥᠬᠦ ᠲᠠᠯ᠎ᠠ ᠶᠢᠨ ᠳ᠋ᠦᠩᠨᠡᠯᠲᠡ ᠪᠠ ᠦᠨᠡᠯᠡᠯᠲᠡ ᠬᠢᠭᠰᠡᠨ ᠪᠥᠭᠡᠳ ᠲᠣᠰ | ᠤᠳᠠᠭᠠᠨ ᠤ ᠰᠣᠷᠢᠯᠲᠠ ᠪᠠᠷ ᠠᠵᠠ ᠲᠣᠬᠢᠶᠠᠯ ᠪᠣᠯᠭᠠᠵᠤ᠂ ᠨᠠᠩ ᠲᠦᠷᠭᠡᠨ᠂ ᠨᠠᠩ ᠪᠣᠳᠠᠲᠤ ᠬᠡᠷᠡᠭᠴᠡᠭᠡ ᠲᠠᠢ᠂ ᠨᠠᠩ | ᠪᠦᠲᠦᠮᠵᠢᠲᠡᠶ ᠬᠠᠷᠠᠯᠲᠠ ᠪᠠᠷ ᠬᠠᠷᠠᠯᠲᠠ ᠪᠣᠯᠭᠠᠵᠤ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠪᠡᠯᠡᠳᠬᠡᠯ ᠲᠥᠰᠥᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠡᠨᠡᠳᠲᠡ ᠶᠢᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠴᠢᠳᠠᠪᠤᠷᠢ ᠪᠠ ᠬᠢᠷᠢ ᠲᠦᠪᠰᠢᠨ ᠢ ᠪᠠᠲᠤᠳᠬᠠᠨ᠂ ᠠᠶᠤᠯᠭᠦᠢ | ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ ᠭᠡᠵᠦ ᠢᠯᠡᠳᠬᠡᠪᠡ᠃ ︵ᠰᠤᠷᠪᠤᠯᠵᠢᠯᠠᠭᠴᠢ᠄ | ᠯᠢᠦ ᠪᠠᠢ ᠢᠦᠢ ᠶᠠᠩ ᠵᠢᠶᠧ︶ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |