ᠦᠴᠦᠸᠠᠨ ᠰᠢᠶᠠᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ 2024 ᠣᠨ ᠤ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/25
     6 ᠰᠠᠷ᠎ᠠ ᠶᠢᠨ 24 ᠤ ᠡᠳᠦᠷ᠂ ᠦᠴᠦᠸᠠᠨ ᠰᠢᠶᠠᠨ ᠮᠠᠯᠵᠢᠬᠤ ᠲᠠᠷᠢᠶᠠᠯᠠᠬᠤ ᠣᠷᠣᠨ ᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ 2024 ᠣᠨ ᠤ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠰᠢᠶᠠᠨ ᠤ ᠤᠳᠤᠷᠢᠳᠤᠯᠭ᠎ᠠ ᠶᠢᠨ ᠱᠣᠤ ᠯᠢᠨ᠂ ᠵᠠᠩ ᠵᠢᠶᠧ ᠬᠤᠷᠠᠯ ᠳᠤ ᠣᠷᠣᠯᠴᠠᠵᠤ᠂ ᠡᠯ᠎ᠡ ᠰᠢᠶᠠᠩ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ︽ᠦᠴᠦᠸᠠᠨ ᠰᠢᠶᠠᠨ ᠤ ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ 2023 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠢᠨᠠᠨ ᠰᠢᠯᠭᠠᠵᠤ ᠦᠨᠡᠯᠡᠨ ᠵᠢᠱᠢᠵᠦ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠥᠯ ︵ᠰᠠᠨᠠᠯ ᠬᠤᠷᠢᠶᠠᠬᠤ ᠨᠣᠣᠷᠠᠭ︶︾᠂ ︽ᠦᠴᠦᠸᠠᠨ ᠰᠢᠶᠠᠨ ᠤ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠬᠤ ᠬᠤᠶᠠᠷ ᠵᠢᠯ ᠤᠨ ᠠᠵᠢᠯᠯᠠᠭᠠᠨ ᠤ ᠲᠥᠯᠥᠪᠯᠡᠭᠡ ᠶᠢᠨ ᠬᠡᠷᠡᠭᠵᠢᠭᠦᠯᠬᠦ ᠲᠥᠰᠥᠯ︾᠂ ︽ᠦᠴᠦᠸᠠᠨ ᠰᠢᠶᠠᠨ ᠤ ︿ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ﹀ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠢ ᠬᠦᠴᠦᠲᠡᠢ ᠪᠦᠲᠦᠮᠵᠢᠲᠡᠢ ᠠᠬᠢᠭᠤᠯᠬᠤ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠦ ᠰᠤᠳᠤᠯᠬᠤ ᠶᠢᠨ ᠬᠠᠮᠲᠤ ᠮᠠᠨ ᠤ ᠰᠢᠶᠠᠨ ᠤ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠢᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠲᠦᠭᠰᠢᠭᠦᠷᠢ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠣᠷᠣᠰᠢᠵᠤ ᠪᠠᠶᠢᠭ᠎ᠠ ᠠᠰᠠᠭᠤᠳᠠᠯ ᠢᠶᠠᠨ ᠢᠳᠡᠪᠬᠢᠲᠡᠢ ᠪᠠᠷ ᠥᠪᠡᠷ ᠢᠶᠠᠨ ᠪᠠᠶᠢᠴᠠᠭᠠᠵᠤ ᠳᠡᠭᠡᠭᠰᠢ ᠮᠡᠳᠡᠭᠦᠯᠵᠦ᠂ ᠪᠣᠳᠠᠲᠠᠢ ᠠᠰᠠᠭᠤᠳᠠᠯ ᠳᠤ ᠴᠢᠭᠯᠡᠭᠦᠯᠦᠨ ᠬᠠᠷᠢᠯᠴᠠᠨ ᠵᠣᠬᠢᠴᠠᠯᠳᠤᠭᠰᠠᠨ ᠰᠢᠢᠳᠪᠦᠷᠢᠯᠡᠬᠦ ᠲᠥᠰᠥᠯ ᠲᠣᠭᠲᠠᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠦᠷᠦᠯ ᠵᠦᠢᠯ ᠤᠨ ᠬᠡᠷᠡᠭᠵᠢᠭᠦᠯᠬᠦ ᠲᠥᠰᠥᠯ ᠢ ᠴᠢᠨᠠᠭᠰᠢᠳᠠ ᠨᠠᠷᠢᠯᠢᠭᠵᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠬᠥᠳᠡᠭᠡ ᠠᠵᠤ ᠠᠬᠤᠢ ᠲᠠᠢ ᠬᠤᠯᠪᠣᠭᠠᠯᠠᠵᠤ ᠬᠥᠳᠡᠭᠡ ᠠᠵᠤ ᠠᠬᠤᠢ ᠶᠢ ᠳᠠᠶᠢᠴᠢᠯᠠᠬᠤ ᠲᠣᠭᠲᠠᠴᠠ ᠶᠢ ᠴᠢᠩᠭᠠᠳᠬᠠᠵᠤ᠂ ᠲᠠᠷᠢᠶᠠᠴᠢᠳ ᠲᠤ ᠨᠡᠩ ᠤᠯᠠᠨ ᠦᠷᠳᠡᠭ ᠨᠡᠮᠡᠭᠳᠡᠯ ᠤᠨ ᠠᠰᠢᠭ ᠣᠷᠣᠯᠭ᠎ᠠ ᠪᠣᠯᠣᠨ ᠠᠵᠢᠯ ᠣᠯᠬᠤ ᠲᠣᠬᠢᠶᠠᠯ ᠣᠯᠭᠤᠵᠤ᠂ ᠠᠷᠠᠳ ᠤᠯᠠᠨ ᠤ ᠵᠣᠯ ᠵᠢᠷᠭᠠᠯᠲᠤ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠦᠴᠦ ᠪᠠᠨ ᠬᠠᠮᠲᠤᠳᠬᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ︵ᠰᠤᠷᠪᠤᠯᠵᠢᠯᠠᠭᠴᠢ᠄ ᠵᠧᠦ ᠶᠠᠨ᠂ ᠴᠢᠶᠤᠤ ᠳ᠋ᠦᠩ ᠳ᠋ᠦᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号