︽ᠤᠳᠤ ᠮᠠᠨ ᠤ ᠣᠷᠣᠨ ᠳᠤ ᠬᠤᠷᠢᠨᠭᠡᠷ ᠳ᠋ᠠᠶᠢᠲ᠋ᠠ ᠶᠢᠨ ᠲᠥᠪ ᠤᠨ ᠪᠦᠯᠦᠭᠵᠢᠯ ᠢᠶᠠᠷ ᠳᠠᠭᠠᠭᠤᠯᠤᠭᠴᠢ | ᠪᠤᠯᠭᠠᠬᠰᠠᠨ ᠪᠣᠳᠣᠯᠭ᠎ᠠ ᠶᠢᠨ ᠴᠢᠳᠠᠪᠤᠷᠢ ᠶᠢᠨ ᠡᠬᠢᠨ ᠤ ᠦᠢᠯᠡᠳᠬᠦᠨ ᠤ ᠠᠵᠤ ᠠᠬᠤᠶᠢᠯᠠᠯ ᠪᠠ ᠡᠴᠦᠰ ᠤᠨ | ᠦᠢᠯᠡᠴᠢᠯᠡᠭᠡᠨ ᠤ ᠠᠵᠤ ᠠᠬᠤᠶᠢᠯᠠᠯ 40 ᠭᠠᠷᠤᠢ ᠪᠣᠯᠵᠤ᠂ ᠪᠣᠬᠢᠷᠳᠤᠯ ᠦᠭᠡᠢ ᠪᠣᠳᠣᠯᠭ᠎ᠠ ᠶᠢᠨ ᠴᠢᠳᠠᠪᠤᠷᠢ ᠶᠢᠨ | ᠪᠦᠭᠦ ᠠᠵᠤ ᠦᠢᠯᠡᠰ ᠤᠨ ᠬᠡᠯᠬᠢᠶ᠎ᠡ ᠶᠢᠨ ᠪᠥᠭᠡᠮᠨᠡᠷᠡᠭᠰᠡᠨ ᠬᠥᠭᠵᠢᠯᠲᠡ ᠶᠢᠨ ᠠᠮᠢ ᠠᠬᠤᠢ ᠶᠢᠨ ᠰᠢᠰᠲ᠋ᠧᠮ ᠢ | ᠪᠦᠷᠢᠯᠳᠦᠭᠦᠯᠵᠦ ᠡᠬᠢᠯᠡᠪᠡ︾ ᠭᠡᠵᠦ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ | ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠦ᠋ ᠰᠦ᠋ ᠬᠠᠢ ᠲᠦᠷᠦᠭᠦᠬᠡᠨ ᠶᠠᠪᠤᠭᠳᠠᠭᠰᠠᠨ | 2024 ᠳᠤᠮᠳᠠᠳᠤ ᠤᠯᠤᠰ ᠤᠨ ᠪᠣᠬᠢᠷᠳᠤᠯ ᠦᠭᠡᠢ ᠪᠣᠳᠣᠯᠭ᠎ᠠ ᠶᠢᠨ ᠴᠢᠳᠠᠪᠤᠷᠢ ︵ᠵᠣᠬᠢᠶᠠᠮᠠᠯ ᠤᠶᠤᠨ ᠴᠢᠳᠠᠪᠤᠷᠢ︶ | ᠶᠢᠨ ᠶᠡᠭᠡ ᠬᠤᠷᠠᠯ ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠤᠯᠠᠨ ᠳᠤ ᠲᠠᠨᠢᠯᠴᠠᠭᠤᠯᠪᠠ᠃ | ᠦ᠋ ᠰᠦ᠋ ᠬᠠᠢ ᠶᠢᠨ ᠲᠠᠨᠢᠯᠴᠠᠭᠤᠯᠤᠭᠰᠠᠨ ᠢᠶᠠᠷ᠂ ᠲᠦᠷᠦ ᠶᠢᠨ ᠪᠣᠳᠣᠯᠭ᠎ᠠ ᠶᠢᠨ ᠬᠤᠪᠢ ᠳᠤ ᠲᠦᠷᠦ ᠶᠢᠨ | ᠶᠠᠪᠤᠳᠠᠯ ᠤᠨ ᠬᠤᠷᠢᠶ᠎ᠠ ᠪᠣᠯᠣᠨ ᠤᠯᠤᠰ ᠤᠨ ᠳ᠋ᠠᠶᠢᠲ᠋ᠠ ᠶᠢᠨ ᠲᠣᠪᠴᠢᠶ᠎ᠠ ᠤᠷᠢᠳ ᠬᠤᠵᠢᠳ ᠮᠠᠨ ᠤ ᠣᠷᠣᠨ ᠤ | ᠪᠣᠬᠢᠷᠳᠤᠯ ᠦᠭᠡᠢ ᠪᠣᠳᠣᠯᠭ᠎ᠠ ᠶᠢᠨ ᠴᠢᠳᠠᠪᠤᠷᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ | ᠲᠤᠬᠠᠢ ᠰᠠᠨᠠᠯ ᠪᠠ ᠪᠣᠳᠠᠲᠠᠢ ᠠᠷᠭ᠎ᠠ ᠬᠡᠮᠵᠢᠶ᠎ᠡ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠠᠴᠠ ᠬᠠᠮᠢᠶ᠎ᠠ ᠪᠦᠬᠦᠢ | ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ 16 | ᠵᠦᠢᠯ ᠤᠨ ᠠᠷᠭ᠎ᠠ ᠬᠡᠮᠵᠢᠶ᠎ᠡ ᠪᠦᠬᠦᠢ ︽ᠥᠪᠥᠷ ᠮᠣᠩᠭᠤᠯ ᠤᠨ ᠬᠤᠷᠢᠨᠭᠡᠷ ᠤᠨ ᠪᠦᠯᠦᠭᠵᠢᠭᠰᠡᠨ ᠪᠣᠬᠢᠷᠳᠤᠯ ᠦᠭᠡᠢ | ᠪᠣᠳᠣᠯᠭ᠎ᠠ ᠶᠢᠨ ᠴᠢᠳᠠᠪᠤᠷᠢ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠤᠬᠠᠢ ᠰᠠᠨᠠᠯ ᠤᠳ︾ ᠢ | ᠨᠡᠶᠢᠲᠡᠯᠡᠵᠡᠢ᠃ ᠶᠡᠷᠦᠩᠬᠡᠶᠢᠯᠡᠭᠰᠡᠨ ᠬᠠᠩᠭᠠᠯᠭ᠎ᠠ ᠶᠢᠨ ᠬᠦᠴᠦᠨ ᠤ ᠬᠤᠪᠢ ᠳᠤ ᠬᠤᠷᠢᠨᠭᠡᠷ ᠤᠨ ᠳ᠋ᠠᠶᠢᠲ᠋ᠠ ᠶᠢᠨ ᠲᠥᠪ | ᠤᠨ ᠪᠦᠯᠦᠭᠵᠢᠯ ᠳᠠᠬᠢ ᠦᠢᠯᠡᠴᠢᠯᠡᠭᠦᠷ ᠮᠠᠰᠢᠨ 370 ᠲᠦᠮᠡ ᠶᠢ ᠳᠠᠪᠠᠵᠤ᠂ ᠪᠣᠳᠣᠯᠭ᠎ᠠ ᠶᠢᠨ ᠴᠢᠳᠠᠪᠤᠷᠢ ᠨᠢ 4.7 | ᠲᠦᠮᠡᠨ P ᠳᠤ ᠬᠦᠷᠴᠦ ᠪᠦᠭᠦ ᠤᠯᠤᠰ ᠲᠤ ᠬᠤᠰᠢᠭᠤᠷᠠᠵᠤ ᠪᠤᠢ᠃ ᠴᠠᠭᠢᠯᠭᠠᠨ ᠬᠦᠴᠦᠨ ᠤ ᠬᠤᠪᠢ ᠳᠤ ᠮᠠᠨ ᠤ | ᠣᠷᠣᠨ ᠲᠣᠮᠣ ᠭᠡᠯᠪᠡᠷᠢ ᠶᠢᠨ ᠣᠶᠤᠨᠲᠤ ᠪᠣᠳᠣᠯᠭ᠎ᠠ ᠶᠢᠨ ᠲᠥᠪ ᠲᠤ ᠪᠠᠲᠤᠯᠠᠭ᠎ᠠ ᠶᠢᠨ ᠴᠢᠨᠠᠷᠲᠠᠢ ᠰᠢᠨ᠎ᠡ ᠡᠨᠧᠷᠭᠢ | ᠶᠢᠨ ᠣᠷᠣᠨ ᠲᠤᠭ᠎ᠠ ᠲᠣᠬᠢᠷᠠᠭᠤᠯᠵᠤ᠂ ᠪᠦᠭᠦ ᠤᠯᠤᠰ ᠤᠨ ᠬᠠᠮᠤᠭ ᠤᠨ ᠬᠢᠮᠳᠠ ᠴᠠᠭᠢᠯᠭᠠᠨ ᠬᠢᠭᠡᠳ 80% ᠠᠴᠠ | ᠳᠡᠭᠡᠭᠰᠢᠬᠢ ᠪᠣᠬᠢᠷᠳᠤᠯ ᠦᠭᠡᠢ ᠴᠠᠭᠢᠯᠭᠠᠨ ᠤ ᠬᠠᠩᠭᠠᠯᠭ᠎ᠠ ᠶᠢ ᠲᠣᠭᠲᠠᠭᠤᠨ ᠢᠶᠠᠷ ᠪᠠᠲᠤᠯᠠᠵᠤ ᠪᠠᠶᠢᠨ᠎ᠠ᠃ | | | |