2023 ᠣᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠢ ᠣᠯᠭᠤᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ  ᠶᠢᠨ ᠲᠣᠭᠲᠠᠭᠠᠯ
ᠨᠡᠶᠢᠲᠡᠯᠡᠭᠰᠡᠨ ᠴᠠᠭ᠄
2024/6/25
     ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠳᠣᠬᠢᠴᠢᠯᠠᠯᠲᠠ ᠳᠤ ᠪᠤᠢ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠠᠶᠢᠭᠤᠯᠬᠤ ᠶᠢᠨ ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠳᠤ ᠪᠤᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠯᠤᠰ ᠤᠨ ᠬᠥᠭᠵᠢᠯᠲᠡ ᠶᠢᠨ ᠪᠦᠭᠦ ᠲᠠᠯ᠎ᠠ ᠶᠢᠨ ᠭᠤᠣᠯᠯᠠᠬᠤ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠰᠢᠨ᠎ᠡ ᠮᠠᠶ᠋ᠢᠭ ᠤᠨ ᠤᠯᠤᠰ ᠳᠠᠶᠠᠭᠠᠷᠴᠢᠯᠠᠬᠰᠠᠨ ᠪᠠᠶᠢᠭᠤᠯᠤᠯ ᠢ ᠪᠦᠷᠢᠨᠰᠢᠭᠦᠯᠦᠨ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠠᠬᠢᠭᠤᠯᠵᠤ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠂ ᠰᠢᠨ᠎ᠡ ᠶᠢ ᠡᠭᠦᠳᠬᠦ ᠭᠡᠯᠪᠡᠷᠢ ᠶᠢᠨ ᠤᠯᠤᠰ ᠤᠨ ᠡᠩᠨᠡᠭᠡᠨ ᠳᠤ ᠣᠷᠣᠪᠠ᠃ ᠥᠷᠭᠡᠨ ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠬᠦᠴᠦᠯᠡᠨ ᠣᠷᠣᠯᠴᠠᠵᠤ᠂ ᠲᠠᠰᠤᠷᠠᠯᠲᠠ ᠦᠭᠡᠢ ᠰᠢᠨ᠎ᠡ ᠦᠷ᠎ᠡ ᠪᠦᠲᠦᠭᠡᠯ ᠣᠯᠵᠤ᠂ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶ᠎ᠠ ᠠᠴᠠ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠰᠢᠯᠳᠠ᠂ ᠠᠵᠤ ᠠᠬᠤᠢ ᠨᠡᠶᠢᠭᠡᠮ ᠤᠨ ᠬᠥᠭᠵᠢᠯᠲᠡ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠪᠠ ᠵᠣᠬᠢᠶᠠᠨ ᠪᠠᠶᠢᠭᠤᠯᠤᠯᠲᠠ ᠶᠢ ᠬᠥᠬᠢᠭᠦᠯᠦᠨ ᠱᠠᠩᠨᠠᠬᠤ ᠪᠠᠷ ᠲᠣᠭᠲᠠᠪᠠ᠃      ︽ᠤᠯᠤᠰ ᠤᠨ ᠭᠠᠪᠢᠶ᠎ᠠ ᠵᠢᠳᠬᠦᠯ ᠢᠷᠠᠭᠤ ᠠᠯᠳᠠᠷ ᠢ ᠬᠥᠬᠢᠭᠦᠯᠦᠨ ᠰᠠᠶᠢᠰᠢᠶᠠᠬᠤ ᠳᠦᠷᠢᠮ︾᠂ ︽ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠥᠬᠢᠭᠦᠯᠦᠨ ᠱᠠᠩᠨᠠᠬᠤ ᠳᠦᠷᠢᠮ︾ ᠤᠨ ᠲᠣᠭᠲᠠᠭᠠᠯ ᠢ ᠦᠨᠳᠦᠰᠦᠯᠡᠨ᠂ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠱᠠᠩᠨᠠᠯ ᠤᠨ ᠬᠢᠨᠠᠨ ᠲᠣᠭᠲᠠᠭᠠᠬᠤ ᠵᠥᠪᠯᠡᠯ ᠬᠢᠨᠠᠨ  ᠰᠢᠯᠭᠠᠷᠠᠭᠤᠯᠵᠤ᠂ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠱᠠᠩᠨᠠᠯ ᠤᠨ ᠵᠥᠪᠯᠡᠯ ᠬᠢᠨᠠᠨ ᠲᠣᠭᠲᠠᠭᠠᠭᠰᠠᠨ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠶᠠᠮᠤᠨ ᠬᠢᠨᠠᠨ ᠬᠠᠷᠭᠤᠭᠤᠯᠬᠤ ᠪᠠᠷ ᠳᠠᠮᠵᠢᠭᠤᠯᠤᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠥᠪᠰᠢᠶᠡᠷᠡᠬᠦ ᠶᠢᠨ ᠬᠠᠮᠲᠤ ᠤᠯᠤᠰ ᠤᠨ ᠲᠡᠷᠢᠭᠦᠯᠡᠭᠴᠢ ᠰᠢ ᠶᠢᠨ ᠫᠢᠩ ᠳᠤ ᠮᠡᠳᠡᠭᠦᠯᠦᠨ ᠭᠤᠶᠤᠴᠢᠯᠠᠵᠤ ᠭᠠᠷ ᠤᠨ ᠥᠰᠥᠭ ᠵᠢᠷᠤᠭᠤᠯᠵᠤ᠂ ᠯᠢ ᠳ᠋ᠧ ᠷᠧᠨ ᠠᠺᠠᠳᠧᠮᠢᠴᠢ᠂ ᠰᠢᠤᠸᠠᠢ ᠴᠢ ᠺᠦᠨ ᠠᠺᠠᠳᠧᠮᠢᠴᠢ ᠳᠤ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠱᠠᠩᠨᠠᠯ ᠣᠯᠭᠤᠪᠠ᠃  ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠵᠦ᠂︽ᠲᠣᠫᠤᠯᠣᠭᠢ ᠡᠯᠧᠺᠲᠷᠣᠨ ᠮᠠᠲ᠋ᠧᠷᠢᠶᠠᠯ ᠤᠨ ᠪᠣᠳᠣᠯᠭ᠎ᠠ ᠶᠢᠨ ᠵᠢᠱᠢᠯᠲᠡ︾ ᠳᠤ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ ᠤᠨ ᠨᠢᠭᠡᠳᠦᠭᠡᠷ ᠳᠡᠰ ᠤᠨ ᠱᠠᠩᠨᠠᠯ ᠣᠯᠭᠤᠵᠤ᠂ ︽ᠭᠤᠷᠪᠠᠨ ᠬᠡᠮᠵᠢᠯᠲᠦ ᠤᠷᠤᠰᠬᠠᠯ ᠤᠨ ᠭᠡᠯᠪᠡᠷᠢ ᠶᠢᠨ ᠬᠢᠵᠠᠭᠠᠷᠲᠠᠢ ᠳᠠᠪᠬᠤᠴᠠᠯ︾ ᠵᠡᠷᠭᠡ 48 ᠵᠦᠢᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠳᠤ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ ᠤᠨ ᠬᠤᠶᠠᠳᠤᠭᠠᠷ ᠳᠡᠰ ᠤᠨ ᠱᠠᠩᠨᠠᠯ ᠣᠯᠭᠤᠵᠤ᠂︽ᠬᠤᠷᠠᠮᠠᠯ ᠴᠠᠭᠢᠯᠭᠠᠨ ᠬᠡᠯᠬᠢᠶᠡᠨ ᠤ ᠬᠢᠮᠢ ᠶᠢᠨ ᠮᠠᠰᠢᠨ ᠮᠧᠬᠠᠨᠢᠭ ᠤᠨ ᠭᠢᠯᠠᠶᠢᠯᠭᠠᠬᠤ ᠵᠠᠩᠭᠢᠯᠠᠭ᠎ᠠ ᠶᠢᠨ ᠮᠡᠷᠭᠡᠵᠢᠯ ᠬᠢᠭᠡᠳ ᠲᠣᠨᠣᠭᠯᠠᠯ︾ ᠵᠡᠷᠭᠡ 8 ᠵᠦᠢᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠳᠤ ᠤᠯᠤᠰ ᠤᠨ ᠮᠡᠷᠭᠡᠵᠢᠯ ᠤᠨ ᠡᠭᠦᠳᠦᠯᠲᠡ ᠶᠢᠨ ᠨᠢᠭᠡᠳᠦᠭᠡᠷ ᠳᠡᠰ ᠤᠨ ᠱᠠᠩᠨᠠᠯ ᠣᠯᠭᠤᠵᠤ᠂︽ᠪᠣᠬᠢᠷᠳᠤᠯ ᠦᠭᠡᠢ ᠠᠮᠢᠳᠤ ᠪᠣᠳᠠᠰ ᠢᠶᠠᠷ  ᠰᠠᠭᠤᠷᠢ ᠮᠠᠲ᠋ᠧᠷᠢᠶᠠᠯ ᠪᠤᠯᠭᠠᠬᠰᠠᠨ ᠪᠦᠷᠬᠦᠭᠦᠯ ᠢ ᠡᠵᠡᠮᠳᠡᠨ ᠢᠯᠭᠠᠷᠠᠭᠤᠯᠬᠤ ᠪᠣᠷᠳᠣᠭᠤᠷ ᠢ ᠡᠭᠦᠳᠦᠨ ᠦᠢᠯᠡᠳᠦᠭᠰᠡᠨ ᠪᠠ ᠬᠡᠷᠡᠭᠯᠡᠭᠰᠡᠨ︾ ᠵᠡᠷᠭᠡ 54 ᠵᠦᠢᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠳᠤ ᠤᠯᠤᠰ ᠤᠨ ᠮᠡᠷᠭᠡᠵᠢᠯ ᠤᠨ ᠡᠭᠦᠳᠦᠯᠲᠡ ᠶᠢᠨ ᠱᠠᠩᠨᠠᠯ ᠤᠨ ᠬᠤᠶᠠᠳᠤᠭᠠᠷ ᠳᠡᠰ ᠤᠨ ᠱᠠᠩᠨᠠᠯ ᠣᠯᠭᠤᠵᠤ᠂︽ᠰᠡᠷᠭᠦᠨ ᠮᠠᠨᠳᠤᠯᠲᠠ ᠨᠡᠷᠡᠮᠵᠢᠲᠦ ᠲᠦᠷᠭᠡᠨ ᠤ ᠭᠠᠯᠲᠤ ᠲᠡᠷᠭᠡ︾ ᠵᠡᠷᠭᠡ 3 ᠵᠦᠢᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠳᠤ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ᠤᠨ ᠣᠨᠴᠠ ᠲᠠᠰ ᠤᠨ ᠱᠠᠩᠨᠠᠯ ᠣᠯᠭᠤᠵᠤ᠂ ︽︿ᠭᠦᠨ ᠲᠡᠯᠡᠶ ᠶᠢᠨ ᠨᠢᠭᠡᠳᠦᠭᠡᠷ ᠨᠡᠷᠡᠮᠵᠢᠲᠦ﹀ ᠭᠡᠲᠦ ᠭᠦᠨ ᠤᠰᠤᠨ ᠤ ᠳᠣᠣᠷᠠᠬᠢ ᠰᠢᠲᠠᠮᠠᠬᠠᠢ ᠬᠡᠢ ᠶᠢᠨ ᠰᠠᠪᠠ ᠶᠢ ᠨᠡᠭᠡᠭᠡᠨ ᠠᠰᠢᠭᠯᠠᠬᠤ ᠢᠨᠵᠧᠨᠧᠷᠢᠩ ᠤᠨ ᠵᠠᠩᠭᠢᠯᠠᠭ᠎ᠠ ᠶᠢᠨ ᠮᠡᠷᠭᠡᠵᠢᠯ ᠬᠢᠭᠡᠳ ᠬᠡᠷᠡᠭᠯᠡᠯᠲᠡ︾ ᠵᠡᠷᠭᠡ 16 ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠳᠤ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠳᠠᠪᠰᠢᠯᠲᠠ ᠶᠢᠨ ᠨᠢᠭᠡᠳᠦᠭᠡᠷ ᠳᠡᠰ ᠤᠨ ᠱᠠᠩᠨᠠᠯ ᠣᠯᠭᠤᠵᠤ᠂ ︽ᠬᠦᠢᠲᠡᠨ ᠳᠤ ᠲᠡᠰᠪᠦᠷᠢᠲᠡᠢ ᠰᠠᠯᠬᠢᠨ ᠳᠤ ᠲᠠᠭᠠᠭᠠᠪᠤᠷᠢᠲᠠᠢ ᠥᠨᠳᠥᠷ ᠤᠨᠠᠯᠲᠠ ᠲᠠᠢ ᠭᠤᠮ ᠤᠨ ᠮᠣᠳᠣᠨ ᠤ ᠲᠥᠷᠥᠯ ᠵᠦᠢᠯ ᠤᠨ ᠪᠣᠶᠢᠵᠢᠭᠤᠯᠤᠯᠲᠠ ᠵᠢᠴᠢ ᠲᠡᠭᠦᠨ ᠤ ᠬᠡᠷᠡᠭᠯᠡᠯᠲᠡ︾ ᠵᠡᠷᠭᠡ 120 ᠵᠦᠢᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ  ᠳᠤ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ᠤᠨ ᠬᠤᠶᠠᠳᠤᠭᠠᠷ ᠳᠡᠰ ᠤᠨ ᠱᠠᠩᠨᠠᠯ ᠢ ᠣᠯᠭᠤᠵᠤ᠂ ᠵᠤᠨ· ᠠᠶᠢᠳ᠋ᠸᠠᠷᠳ᠋ ·ᠬᠤᠫᠺᠷᠤᠹᠲ ᠫᠷᠤᠹᠧᠰᠰᠤᠷ ᠵᠡᠷᠭᠡ ᠭᠠᠳᠠᠭᠠᠳᠤ ᠶᠢᠨ 10 ᠲᠤᠰᠬᠠᠢ ᠮᠡᠷᠭᠡᠵᠢᠯᠲᠡᠨ ᠳᠤ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠨ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠱᠠᠩᠨᠠᠯ ᠣᠯᠭᠤᠪᠠ᠃      ᠨᠠᠮ ᠤᠨ ᠲᠥᠪ ᠬᠤᠷᠢᠶ᠎ᠠ᠂ ᠪᠦᠭᠦ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠵᠢᠯᠲᠠᠳ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠱᠠᠩᠨᠠᠯ ᠬᠦᠷᠲᠡᠭᠰᠡᠳ ᠵᠢᠴᠢ ᠪᠦᠭᠦ ᠱᠠᠩᠨᠠᠯ ᠬᠦᠷᠲᠡᠭᠰᠡᠳ ᠠᠴᠠ ᠰᠤᠷᠤᠯᠴᠠᠵᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠪᠠᠲᠤ ᠡᠵᠡᠮᠳᠡᠵᠦ᠂ ︽ᠳᠥᠷᠪᠡ ᠳᠤ ᠬᠠᠨᠳᠤᠬᠤ︾ ᠶᠢ ᠪᠠᠷᠢᠮᠲᠠᠯᠠᠵᠤ᠂ ᠤᠯᠤᠰ ᠢᠶᠠᠨ ᠬᠠᠶᠢᠷᠠᠯᠠᠬᠤ᠂ ᠰᠢᠨ᠎ᠡ ᠶᠢ ᠡᠭᠦᠳᠬᠦ᠂ ᠪᠣᠳᠠᠲᠠᠢ ᠶᠢ ᠡᠷᠭᠢᠮᠯᠡᠭᠦ᠂ ᠬᠤᠪᠢ ᠨᠡᠮᠡᠷᠢ ᠦᠵᠡᠭᠦᠯᠭᠦ᠂ ᠬᠠᠮᠵᠢᠯᠴᠠᠬᠤ᠂ ᠬᠥᠮᠥᠨ ᠬᠥᠮᠥᠵᠢᠭᠦᠯᠬᠦ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠶᠡᠭᠡ  ᠪᠠᠷ ᠪᠠᠳᠠᠷᠠᠭᠤᠯᠵᠤ᠂ ᠰᠠᠭᠤᠷᠢ ᠰᠤᠳᠤᠯᠭᠠᠨ ᠪᠠ ᠬᠡᠷᠡᠭᠯᠡᠭᠡᠨ ᠤ ᠰᠠᠭᠤᠷᠢ ᠰᠤᠳᠤᠯᠭᠠᠨ ᠢ ᠴᠢᠩᠭᠠᠳᠬᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠪᠠᠲᠤᠯᠠᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠬᠥᠭᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠠᠭᠤᠤ ᠦᠢᠯᠡᠰ ᠲᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠤᠷᠢᠶᠠᠯᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号